ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ  ᠬᠥᠮᠥᠨ ᠲᠣᠮᠢᠯᠠᠨ ᠮᠧᠩ ᠨᠢᠦ ᠪᠦᠯᠦᠭᠯᠡᠯ ᠳᠤ ᠬᠦᠷᠴᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠲᠣᠭᠤᠷᠢᠨ ᠦᠵᠡᠵᠦ ᠰᠤᠷᠤᠯᠴᠠᠪᠠ
ᠨᠡᠶᠢᠲᠡᠯᠡᠭᠰᠡᠨ ᠴᠠᠭ᠄
2023/3/6
      ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠶᠢ ᠥᠷᠭᠡᠳᠬᠡᠨ ᠂ ᠨᠠᠮ ᠤᠨ ᠠᠵᠢᠯ ᠤᠨ ᠬᠠᠷᠠᠭ᠎ᠠ ᠶᠢ ᠥᠷᠭᠡᠳᠬᠡᠵᠦ ᠂ ᠨᠠᠮ ᠤᠨ ᠠᠵᠢᠯ ᠤᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠵᠦ ᠂ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠂ 2 ᠰᠠᠷ᠎ᠠ ᠶᠢᠨ 24  ᠤ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠬᠥᠮᠥᠨ ᠲᠣᠮᠢᠯᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ ᠮᠧᠩ ᠨᠢᠦ ᠪᠦᠯᠦᠭᠯᠡᠯ ᠳᠤ ᠬᠦᠷᠴᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠲᠣᠭᠤᠷᠢᠨ ᠦᠵᠡᠵᠦ ᠰᠤᠷᠤᠯᠴᠠᠬᠤ ᠬᠦᠳᠡᠯᠭᠡᠭᠡᠨ ᠳᠤ ᠤᠷᠤᠯᠴᠠᠭᠤᠯᠪᠠ᠃
 图片1.png
           ᠢᠯᠢ ᠪᠣᠯᠣᠨ ᠮᠧᠩ ᠨᠢᠦ ᠪᠣᠯ ᠥᠪᠡᠷᠲᠡᠭᠡᠨ ᠵᠠᠰᠠᠬᠤ ᠣᠷᠣᠨ ᠤ ᠬᠤᠶᠠᠷ ᠲᠣᠮᠣ ᠬᠡᠯᠪᠡᠷᠢ ᠶᠢᠨ ᠰᠦᠨ ᠤ ᠦᠢᠯᠡᠰ ᠤᠨ ᠠᠵᠤ ᠠᠬᠤᠶᠢᠯᠠᠯ ᠪᠠᠶᠢᠵᠤ᠂ ᠪᠥᠬᠦ ᠤᠯᠤᠰ ᠴᠢᠨᠠᠭᠰᠢᠯᠠᠪᠠᠯ ᠪᠥᠬᠦ ᠳᠡᠯᠡᠬᠡᠢ ᠶᠢᠨ ᠰᠦᠨ ᠤ ᠦᠢᠯᠡᠰ ᠤᠨ ᠠᠵᠢᠯ ᠲᠥᠷᠥᠯ ᠤᠨ ᠲᠡᠷᠢᠭᠦᠨ ᠳᠤ ᠵᠢᠭᠰᠠᠭᠠᠭᠳᠠᠵᠤ ᠪᠣᠢ ᠃ 2 ᠰᠠᠷ᠎ᠠ ᠶᠢᠨ 13 ᠤ ᠡᠳᠦᠷ ᠢᠯᠢ ᠪᠦᠯᠦᠭᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠲᠣᠭᠤᠷᠢᠨ ᠦᠵᠡᠵᠦ ᠰᠤᠷᠤᠯᠴᠠᠭᠰᠠᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ 24 ᠤ ᠡᠳᠦᠷ ᠪᠠᠰᠠ ᠨᠠᠮ ᠤᠨ ᠠᠵᠢᠯ ᠤᠨ ᠠᠵᠢᠯᠲᠠᠨ 50 ᠭᠠᠷᠤᠢ ᠬᠥᠮᠥᠨ ᠢ ᠵᠣᠬᠢᠶᠠᠨ ᠪᠠᠶᠢᠭᠤᠯᠵᠤ᠂ ᠮᠧᠩ ᠨᠢᠦ ᠰᠦᠨ ᠤ ᠦᠢᠯᠡᠰ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠰᠢᠨ᠎ᠡ ᠲᠤᠷᠰᠢᠯᠭ᠎ᠠ ᠪᠠ ᠠᠷᠭ᠎ᠠ ᠠᠪᠴᠠᠯ ᠢ ᠲᠤᠬᠠᠢ ᠶᠢᠨ ᠭᠠᠵᠠᠷ ᠲᠤ  ᠨᠢ ᠰᠤᠷᠤᠯᠴᠠᠭᠤᠯᠪᠠ᠃      ᠶᠡᠭᠡ ᠲᠢᠩᠬᠢᠮ ᠳᠤ ᠣᠷᠣᠮᠠᠭᠴᠠ᠂ ᠶᠡᠷᠦᠩᠬᠡᠢ ᠱᠦᠵᠢ ᠰᠢ ᠶᠢᠨ ᠫᠢᠩ ᠤᠨ ︽ ᠰᠦ ᠨᠢ ᠠᠮᠤᠷ ᠲᠦᠪᠰᠢᠨ ᠢᠶᠠᠷ ᠭᠤᠣᠯᠳᠠᠯᠭ᠎ᠠ ᠪᠣᠯᠭᠠᠨ᠎ᠠ︾ ᠭᠡᠬᠦ ᠲᠠᠪᠤᠨ ᠲᠣᠮᠣ ᠦᠭᠡ ᠨᠢᠳᠦᠨ ᠳᠤ ᠲᠣᠳᠣᠷᠠᠵᠤ᠂ ᠮᠧᠩ ᠨᠢᠦ  ᠰᠦᠨ ᠤ ᠦᠢᠯᠡᠰ ᠤᠨ ᠥᠷᠭᠡᠨ ᠣᠯᠠᠨ ᠠᠵᠢᠯᠲᠠᠨ ᠠᠵᠢᠯᠴᠢᠨ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠬᠦ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠶᠢᠨ ᠭᠤᠭᠴᠤᠭ᠎ᠠ ᠨᠢᠭᠡᠪᠦᠷᠢ ᠳᠤ ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠬᠡᠷᠡᠭᠯᠡᠭᠴᠢᠳ ᠲᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠴᠢᠨᠠᠷ ᠰᠠᠶᠢᠲᠠᠢ ᠦᠢᠯᠡᠳᠬᠦᠨ ᠬᠠᠩᠭᠠᠬᠤ ᠪᠠᠷ ᠴᠢᠷᠮᠠᠶᠢᠵᠤ᠂ ᠣᠲᠣ ᠨᠢᠭᠡᠨᠲᠡ ᠭᠠᠳᠠᠭᠠᠳᠤ ᠳᠤ ᠰᠦᠨ ᠤ ᠪᠦᠲᠦᠭᠡᠭᠳᠡᠬᠦᠨ ᠦᠢᠯᠡᠳᠪᠦᠷᠢᠯᠡᠨ ᠪᠣᠷᠣᠯᠠᠭᠤᠯᠵᠤ ᠪᠠᠶᠢᠭ᠎ᠠ ᠠᠩᠬᠠᠳᠠᠭᠴᠢ ᠳᠤᠮᠳᠠᠳᠤ ᠤᠯᠤᠰ ᠤᠨ ᠠᠵᠤ ᠠᠬᠤᠶᠢᠯᠠᠯ ᠪᠣᠯᠤᠭᠰᠠᠨ ᠪᠠᠶᠢᠨ᠎ᠠ᠃  ᠰᠦᠨ ᠤ ᠦᠢᠯᠡᠳᠭᠦᠨ ᠤ ᠦᠢᠯᠡᠰ ᠤᠨ ᠦᠢᠯᠡᠳᠪᠦᠷᠢᠯᠡᠯ ᠪᠤᠯᠪᠠᠰᠤᠷᠠᠭᠤᠯᠤᠯᠲᠠ ᠶᠢᠨ ᠴᠤᠪᠤᠷᠠᠯ ᠱᠤᠭᠤᠮ ᠢ ᠲᠤᠬᠠᠢ ᠶᠢᠨ ᠭᠠᠵᠠᠷ ᠲᠤ  ᠨᠢ ᠲᠣᠭᠤᠷᠢᠨ ᠦᠵᠡᠬᠦ ᠪᠠᠷ ᠳᠠᠮᠵᠢᠭᠤᠯᠵᠤ ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠂ ᠠᠵᠤ ᠠᠬᠤᠶᠢᠯᠠᠯ ᠤᠨ ︽ ᠴᠢᠭᠯᠡᠯ ᠢ ᠡᠵᠡᠮᠳᠡᠬᠦ ᠂ ᠬᠥᠭᠵᠢᠯᠲᠡ ᠶᠢ ᠠᠬᠢᠭᠤᠯᠬᠤ ᠂ ᠭᠤᠷᠪᠠᠨ ᠰᠠᠭᠤᠷᠢ ᠶᠢ ᠴᠢᠩᠭᠠᠳᠬᠠᠬᠤ ᠂  ᠵᠣᠬᠢᠴᠠᠭᠤᠯᠭ᠎ᠠ ᠶᠢ ᠠᠳᠬᠤᠬᠤ ᠂ ᠲᠣᠭᠲᠠᠭᠤᠨ ᠢ ᠪᠠᠲᠤᠯᠠᠬᠤ ︾ ᠨᠠᠮ ᠤᠨ ᠪᠠᠶᠢᠭᠤᠯᠤᠯᠲᠠ ᠶᠢᠨ ᠠᠵᠢᠯ ᠤᠨ ᠵᠠᠭᠪᠤᠷ ᠂ ︽ ᠳᠥᠷᠪᠡ ᠶᠢ ᠤᠶᠠᠯᠳᠤᠭᠤᠯᠬᠤ ︾ ᠠᠵᠢᠯ ᠤᠨ ᠲᠣᠭᠲᠠᠴᠠ ᠂ ︽ ᠤᠯᠠᠨ ᠲᠠᠯ᠎ᠠ ᠶᠢ ᠨᠢᠭᠡ ᠴᠣᠭᠴᠠᠵᠢᠭᠤᠯᠬᠤ ︾ ᠤᠬᠠᠭᠤᠯᠭ᠎ᠠ ᠶᠢᠨ ᠰᠢᠰᠲ᠋ᠧᠮ ᠵᠢᠴᠢ ᠨᠠᠮ ᠪᠠ ᠠᠵᠤ ᠠᠬᠤᠶᠢᠯᠠᠯ ᠤᠨ ᠬᠠᠮᠲᠤᠪᠠᠷ ᠪᠠᠶᠢᠭᠤᠯᠵᠤ ᠴᠣᠭᠴᠠᠯᠠᠭᠰᠠᠨ ᠠᠵᠤ ᠦᠢᠯᠡᠰ ᠤᠨ ᠠᠮᠢ ᠠᠬᠤᠢ ᠶᠢᠨ ᠬᠦᠷᠢᠶ᠎ᠡ ᠶᠢ ᠣᠶᠢᠯᠠᠭᠠᠨ ᠰᠤᠷᠤᠯᠴᠠᠵᠠᠢ ᠃ ᠮᠧᠩ ᠨᠢᠦ ᠪᠦᠯᠦᠭᠯᠡᠯ ᠪᠠᠰᠠ ︽365+︾ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠬᠤ ᠢᠨᠵᠧᠨᠧᠷᠢᠩ ᠢ ᠥᠷᠨᠢᠭᠦᠯᠵᠦ᠂ 6 ᠶᠡᠭᠡ ᠵᠣᠯ ᠵᠢᠷᠭᠠᠯ ᠤᠨ ᠲᠥᠯᠥᠪᠯᠡᠭᠡ ᠶᠢ ᠬᠡᠷᠡᠭᠵᠢᠭᠦᠯᠦᠨ᠂ ᠵᠠᠯᠠᠭᠤᠴᠤᠳ᠂ ᠡᠮᠡᠭᠲᠡᠢ ᠠᠵᠢᠯᠴᠢᠨ ᠪᠠ ᠠᠬᠠᠮᠠᠳ ᠺᠠᠳ᠋ᠷ ᠵᠡᠷᠭᠡ ᠭᠤᠷᠪᠠᠨ ᠬᠠᠮᠲᠤᠯᠢᠭ ᠲᠤ ᠬᠠᠶᠢᠷ᠎ᠠ ᠬᠠᠯᠠᠮᠵᠢ ᠬᠦᠷᠲᠡᠭᠡᠵᠦ ᠂ ᠠᠵᠢᠯᠲᠠᠨ ᠠᠵᠢᠯᠴᠢᠨ ᠤ ᠵᠣᠯ ᠵᠢᠷᠭᠠᠯ ᠤᠨ ᠰᠡᠳᠬᠢᠭᠳᠡᠯ᠂ ᠬᠦᠷᠲᠡᠮᠵᠢ ᠶᠢᠨ ᠰᠡᠳᠬᠢᠭᠳᠡᠯ ᠪᠠ ᠠᠮᠤᠷ ᠲᠦᠪᠰᠢᠨ ᠤ ᠰᠡᠳᠬᠢᠭᠳᠡᠯ ᠢ ᠳᠡᠭᠡᠭᠰᠢᠯᠡᠭᠦᠯᠪᠡ᠃      ᠮᠧᠩ ᠨᠢᠦ ᠪᠦᠯᠦᠭᠯᠡᠯ ᠤᠨ ᠬᠥᠭᠵᠢᠯᠲᠡ ᠶᠢᠨ ᠣᠶᠢᠯᠠᠭᠠᠭᠳᠠᠬᠤᠨ᠂ ᠠᠵᠤ ᠠᠬᠤᠶᠢᠯᠠᠯ ᠪᠣᠯᠣᠨ ᠨᠠᠮ ᠤᠨ ᠪᠠᠶᠢᠭᠤᠯᠤᠯᠲᠠ ᠶᠢᠨ ᠭᠦᠨᠵᠡᠭᠡᠢ ᠠᠭᠤᠰᠤᠯᠴᠠᠯ ᠂ ᠠᠵᠤ ᠠᠬᠤᠶᠢᠯᠠᠯ ᠤᠨ ᠰᠣᠶᠣᠯ ᠪᠠ ᠪᠦᠯᠬᠦᠮ ᠨᠡᠶᠢᠲᠡ ᠶᠢᠨ ᠪᠠᠶᠢᠭᠤᠯᠤᠯᠲᠠ ᠶᠢᠨ ᠲᠤᠷᠰᠢᠯᠭ᠎ᠠ ᠪᠠ ᠠᠷᠭ᠎ᠠ ᠠᠪᠴᠠᠯ ᠵᠢᠴᠢ ᠠᠵᠤ ᠠᠬᠤᠶᠢᠯᠠᠯ ᠢ ᠬᠠᠯᠠᠮᠵᠢᠯᠠᠨ ᠬᠠᠶᠢᠷᠠᠯᠠᠬᠤ ᠢᠨᠵᠧᠨᠧᠷᠢᠩ ᠵᠡᠷᠭᠡ 6 ᠶᠡᠭᠡ ᠵᠣᠯ ᠵᠢᠷᠭᠠᠯ ᠤᠨ ᠲᠥᠯᠥᠪᠯᠡᠭᠡ ᠶᠢᠨ ᠬᠡᠷᠡᠭᠵᠢᠭᠦᠯᠦᠯᠲᠡ ᠨᠢ ᠠᠵᠢᠯᠲᠠᠨ ᠠᠵᠢᠯᠴᠢᠨ ᠤ ᠬᠤᠶᠢᠰᠢᠳᠠ ᠶᠢᠨ ᠵᠣᠪᠠᠨᠢᠯ ᠢ ᠬᠥᠩᠭᠡᠷᠡᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠮᠧᠩ ᠨᠢᠦ ᠶᠢ ᠬᠠᠯᠠᠭᠤᠨ ᠢᠶᠠᠷ ᠬᠠᠶᠢᠷᠠᠯᠠᠬᠤ᠂ ᠮᠧᠩ ᠨᠢᠦ ᠶᠢ ᠪᠦᠲᠦᠭᠡᠨ ᠪᠠᠶᠢᠭᠤᠯᠬᠤ᠂ ᠮᠧᠩ ᠨᠢᠦ ᠳᠤ ᠠᠮᠢ ᠪᠡᠶ᠎ᠡ ᠪᠠᠨ ᠵᠣᠷᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠡᠨᠡ  ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠳᠤ ᠣᠯᠣᠯᠲᠠ ᠶᠡᠭᠡ᠂ ᠲᠦᠷᠦᠭᠳᠡᠯ ᠤᠯᠠᠨ ᠪᠠᠶᠢᠨ᠎ᠠ᠂ ᠪᠢᠳᠡ ᠲᠡᠳᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠰᠢᠩᠭᠡᠬᠡᠨ ᠠᠪᠴᠤ᠂ ᠦᠷ᠎ᠡ ᠶᠢᠨ ᠦᠢᠯᠡᠰ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠡᠭᠦᠷ ᠪᠣᠯᠣᠨ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ ᠲᠠᠪᠤᠨ ᠶᠡᠭᠡ ᠡᠭᠦᠷᠭᠡ ︾  ᠶᠢ ᠪᠡᠶᠡᠯᠡᠭᠦᠯᠬᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 图片2.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号