ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠠᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/3/6
      2023 ᠣᠨ ᠤ 3 ᠰᠠᠷ᠎ᠠ ᠶᠢᠨ 3 ᠤ ᠡᠳᠦᠷ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠠᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠬᠢᠴᠢᠶᠡᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ ᠬᠤ᠋ ᠶᠢᠦ ᠯᠢᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠾᠧ ᠯᠦᠩ᠂ ᠳᠡᠳ᠋ ᠡᠷᠬᠢᠯᠡᠭᠴᠢ ᠵᠦ ᠢᠦᠢ ᠴᠧᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠳᠡᠳ᠋ ᠡᠷᠬᠢᠯᠡᠭᠴᠢ ᠰᠤᠷᠤᠨ᠎ᠠ ᠬᠤᠷᠠᠯ ᠡᠷᠭᠢᠯᠡᠪᠡ᠃ ᠪᠥᠬᠦ ᠣᠷᠣᠨ ᠤ 12 ᠠᠶᠢᠮᠠᠭ ᠬᠤᠲᠠ ᠶᠢᠨ 23 ᠰᠣᠷᠣᠭᠴᠢ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃
图片1.jpg
       ᠲᠣᠰ ᠤᠳᠠᠭᠠᠨ ᠤ ᠪᠣᠯᠪᠠᠰᠤᠷᠠᠯ ᠳᠤ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠸᠠᠩ ᠺᠧ ᠷᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠾᠧᠦ ᠯᠢ ᠯᠢ ᠶᠢ ᠤᠷᠢᠵᠤ᠂ ᠡᠷᠳᠡᠨᠢ ᠰᠢᠰᠢ ᠶᠢ ᠨᠢᠭᠲᠠ ᠳᠠᠷᠢᠵᠤ ᠳᠤᠰᠤᠯᠭᠠᠨ ᠤᠰᠤᠯᠠᠬᠤ ᠥᠨᠳᠥᠷ ᠤᠨᠠᠯᠲᠠ ᠶᠢᠨ ᠮᠡᠷᠭᠡᠵᠢᠯ ᠢᠶᠠᠷ ᠬᠢᠴᠢᠶᠡᠯᠯᠡᠭᠦᠯᠪᠡ ᠃ ᠲᠣᠰ ᠤᠳᠠᠭᠠᠨ ᠤ ᠪᠣᠯᠪᠠᠰᠤᠷᠠᠯ ᠤᠨ ᠬᠢᠴᠢᠶᠡᠯ ᠤᠨ ᠲᠣᠬᠢᠷᠠᠭᠤᠯᠤᠯᠲᠠ ᠨᠢ ᠠᠪᠰᠠᠷᠬᠠᠨ᠂ ᠬᠢᠴᠢᠶᠡᠯᠯᠡᠬᠦ ᠲᠠᠰ ᠳᠠᠪᠬᠤᠷᠭ᠎ᠠ ᠨᠢ ᠥᠨᠳᠥᠷ ᠪᠠᠶᠢᠵᠤ᠂ ᠰᠢᠰᠲ᠋ᠧᠮ ᠲᠠᠢ ᠪᠥᠭᠡᠳ ᠪᠥᠬᠦ ᠲᠠᠯ᠎ᠠ ᠶᠢᠨ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠪᠠ ᠲᠤᠬᠠᠢ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠵᠦ ᠮᠠᠳᠠᠭ ᠲᠠᠢ ᠠᠰᠠᠭᠤᠳᠠᠯ ᠢ ᠬᠠᠷᠢᠭᠤᠯᠬᠤ ᠪᠠᠷ ᠳᠠᠮᠵᠢᠭᠤᠯᠤᠨ᠂ ᠰᠤᠷᠤᠭᠴᠢᠳ ᠤᠨ ᠣᠨᠣᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠷᠠᠭ᠎ᠠ ᠪᠠ ᠰᠡᠳᠬᠢᠴᠡ ᠶᠢ ᠥᠷᠭᠡᠳᠬᠡᠭᠰᠡᠨ ᠪᠠᠶᠢᠨ᠎ᠠ᠃ ᠰᠤᠷᠤᠭᠴᠢᠳ᠂ ᠲᠣᠰ ᠤᠳᠠᠭᠠᠨ ᠤ ᠰᠣᠷᠣᠭᠰᠠᠨ᠂ ᠪᠤᠳᠤᠭᠰᠠᠨ᠂ ᠣᠯᠣᠭᠰᠠᠨ ᠵᠦᠢᠯ ᠢᠶᠠᠨ ᠠᠵᠢᠯ ᠤᠨ ᠳᠤᠮᠳᠠ ᠪᠠᠨ ᠬᠡᠷᠡᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠮᠡᠷᠭᠡᠵᠢᠯ ᠤᠨ ᠬᠡᠷᠡᠭᠯᠡᠯᠲᠡ ᠶᠢᠨ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠮᠡᠷᠭᠡᠵᠢᠯ ᠤᠨ ᠬᠤᠷᠠᠮᠳᠤᠯ ᠪᠠ ᠪᠣᠯᠪᠠᠰᠤᠷᠠᠯ ᠤᠨ ᠲᠡᠭᠦᠯᠳᠡᠷᠵᠢᠯᠲᠡ ᠶᠢ ᠠᠬᠢᠭᠤᠯᠤᠨ᠂ ᠪᠥᠬᠦ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ ᠭᠡᠵᠦ ᠢᠯᠡᠷᠬᠡᠶᠢᠯᠡᠪᠡ ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠳᠤᠷᠢᠳᠬᠤ ᠪᠠᠭ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠠᠵᠢᠯ ᠤᠨ ᠰᠡᠳᠬᠢᠮᠵᠢ ᠶᠢ ᠠᠭᠤᠵᠢᠷᠠᠲᠠᠯ᠎ᠠ ᠶᠠᠷᠢᠯᠴᠠᠵᠤ᠂ ᠡᠯ᠎ᠡ ᠠᠶᠢᠮᠠᠭ ᠬᠤᠲᠠ ᠶᠢᠨ ᠬᠢᠨ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠲᠤᠷᠰᠢᠯᠭ᠎ᠠ ᠪᠠᠨ ᠰᠣᠯᠢᠯᠴᠠᠪᠠ᠃ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠨᠳᠦᠰᠦᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠡᠯ᠎ᠡ ᠱᠠᠲᠤᠨ ᠤ ᠳᠡᠯᠭᠡᠷᠡᠭᠦᠯᠬᠦ ᠰᠠᠯᠠᠭ᠎ᠠ ᠮᠥᠴᠢᠷ ᠤᠨ ᠬᠢᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠯᠳᠤᠭᠰᠠᠨ ᠂ ᠬᠥᠨᠳᠡᠯᠡᠨ ᠢᠶᠠᠷ ᠨᠡᠪᠲᠡᠷᠡᠭᠰᠡᠨ ᠂ ᠤᠯᠠᠨ ᠲᠠᠯ᠎ᠠ ᠪᠠᠷ ᠬᠠᠮᠲᠤᠷᠠᠯᠴᠠᠭᠰᠠᠨ ᠠᠵᠢᠯ ᠤᠨ ᠪᠠᠶᠢᠳᠠᠯ ᠢ ᠲᠦᠷᠭᠡᠨ ᠪᠠᠶᠢᠭᠤᠯᠵᠤ ᠂ ᠭᠤᠣᠯᠳᠠᠯᠭ᠎ᠠ ᠲᠠᠢ ᠂ ᠨᠠᠮ ᠤᠨ ᠪᠠᠶᠢᠭᠤᠯᠤᠯᠲᠠ ᠂ ᠬᠦᠷᠢᠶᠡᠯᠡᠩ ᠲᠣᠭᠤᠷᠢᠭ ᠂ ᠬᠤᠷᠠᠮᠠᠯ ᠂ ᠭᠤᠣᠯ ᠴᠣᠭᠴᠠ ᠂ ᠬᠡᠯᠬᠢᠶ᠎ᠡ ᠂ ᠰᠢᠨ᠎ᠡ ᠶᠢ ᠡᠭᠦᠳᠬᠦ ᠂ ᠡᠩᠨᠡᠭᠡ ᠂ ᠤᠬᠠᠭᠤᠯᠭ᠎ᠠ ᠵᠡᠷᠭᠡ ᠶᠢᠰᠦᠨ ᠭᠤᠣᠯ ᠭᠤᠭᠴᠤᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠃ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠮᠡᠷᠭᠡᠵᠢᠯ ᠳᠡᠯᠭᠡᠷᠡᠭᠦᠯᠬᠦ ︽ᠡᠴᠦᠰ ᠤᠨ ᠨᠢᠭᠡ ᠺᠢᠯᠣᠮᠧᠲᠷ︾ ᠢ ᠪᠥᠬᠦ ᠬᠦᠴᠦᠨ ᠢᠶᠠᠷ ᠢᠶᠠᠨ ᠨᠠᠪᠲᠠᠷᠡᠭᠦᠯᠵᠦ᠂ ᠠᠮᠤ ᠪᠤᠳᠠᠭᠠᠨ ᠤ ᠦᠨᠳᠦᠷ ᠤᠨᠠᠯᠲᠠ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
图片2.jpg
 
图片3.jpg
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠣᠷᠤᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号