ᠤᠯᠠᠭᠠᠨᠴᠠᠪ ᠬᠤᠲᠠ 22262 ᠮᠥ ᠵᠦᠪᠰᠢᠶᠡᠷᠡᠭᠰᠡᠨ ᠪᠤᠯᠪᠠᠴᠤ ᠬᠠᠨᠭ᠍ᠭᠠᠭᠠᠳᠤᠢ ᠭᠠᠵᠠᠷ ᠰᠢᠷᠦᠢ ᠪᠠ ᠰᠤᠯᠠ ᠲᠠᠯᠪᠢᠬᠳᠠᠵᠤ ᠪᠠᠶᠢᠭ᠎ᠠ ᠭᠠᠵᠠᠷ ᠰᠢᠷᠣᠢ ᠶᠢ ᠠᠰᠢᠭᠯᠠᠯᠲᠠ ᠳᠤ ᠤᠷᠤᠭᠤᠯᠤᠨ ᠰᠢᠢᠳᠪᠤᠷᠢᠯᠠᠪᠠ
ᠨᠡᠶᠢᠲᠡᠯᠡᠭᠰᠡᠨ ᠴᠠᠭ᠄
2023/3/6
      ᠣᠶᠢᠷ᠎ᠠ ᠳᠤ ᠂ ᠰᠣᠷᠪᠤᠯᠵᠢᠯᠠᠭᠴᠢ ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ ᠲᠣᠰ ᠬᠤᠲᠠ ︽ ᠲᠠᠪᠤ ᠶᠢ ᠲᠣᠶᠢᠯᠪᠤᠷᠢᠲᠠᠢ ᠪᠠᠶᠢᠴᠠᠭᠠᠬᠤ ᠠᠵᠢᠯᠯᠠᠭ᠎ᠠ︾ ᠶᠢ ᠢᠳᠡᠪᠬᠢᠲᠡᠶ ᠬᠡᠷᠡᠭᠵᠢᠭᠦᠯᠵᠦ ᠂ 2022 ᠣᠨ ᠤ 12 ᠰᠠᠷ᠎ᠠ ᠶᠢᠨ 31 ᠤᠨ ᠡᠳᠦᠷ ᠪᠣᠯᠲᠠᠯ᠎ᠠ᠂ ᠨᠢᠭᠡᠨᠲᠡ ᠵᠦᠪᠰᠢᠶᠡᠷᠡᠭᠰᠡᠨ ᠪᠣᠯᠪᠠᠴᠤ ᠬᠠᠩᠭᠠᠭᠠᠳᠤᠶ 14500 ᠮᠥ ᠭᠠᠵᠠᠷ ᠰᠢᠷᠦᠢ ᠶᠢ ᠠᠰᠢᠭᠯᠠᠯᠳᠠ ᠳᠤ ᠤᠷᠤᠭᠤᠯᠤᠨ ᠰᠢᠢᠳᠪᠤᠷᠢᠯᠡᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 9800 ᠮᠥ ᠭᠠᠵᠠᠷ ᠰᠢᠷᠤᠢ ᠶᠢ ᠠᠰᠢᠭᠯᠠᠯᠳᠠ ᠳᠤ ᠤᠷᠤᠭᠤᠯᠤᠨ ᠰᠢᠢᠳᠪᠤᠷᠢᠯᠡᠬᠦ ᠡᠭᠦᠷᠬᠡ ᠶᠢ ᠳᠠᠪᠠᠭᠤᠯᠤᠨ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 148% ᠳᠤ ᠬᠦᠷᠴᠡᠶ︔ 7762 ᠮᠦ ᠰᠤᠯᠠ ᠲᠠᠯᠪᠢᠬᠳᠠᠵᠤ ᠪᠠᠶᠢᠭ᠎ᠠ ᠭᠠᠵᠠᠷ ᠰᠢᠷᠦᠢ ᠶᠢ ᠠᠰᠢᠭᠯᠠᠯᠳᠠ ᠳᠤ ᠤᠷᠤᠭᠤᠯᠤᠨ ᠰᠢᠢᠳᠪᠦᠷᠢᠯᠡᠵᠦ ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 2200 ᠮᠦ ᠭᠠᠵᠠᠷ ᠰᠢᠷᠤᠢ ᠶᠢ ᠠᠰᠢᠭᠯᠠᠯᠳᠠ ᠳᠤ ᠤᠷᠤᠭᠤᠯᠤᠨ ᠰᠢᠢᠳᠪᠦᠷᠢᠯᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 353% ᠳᠤ ᠬᠦᠷᠴᠠᠢ᠃      2022 ᠣᠨ ᠤ 5 ᠰᠠᠷ᠎ᠠ ᠠᠴᠠ ᠨᠠᠭᠠᠰᠢ᠂ ᠲᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠵᠢᠯ ᠤᠨ ᠲᠥᠰᠦᠯ ᠲᠣᠭᠲᠠᠭᠠᠵᠤ ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠵᠤ ᠂ ︽ᠨᠢᠭᠡ ᠭᠠᠵᠠᠷ ᠣᠷᠤᠨ ᠳᠤ ᠨᠢᠭᠡ ᠲᠦᠷᠦ ᠶᠢᠨ ᠪᠣᠳᠣᠯᠭ᠎ᠠ ᠬᠡᠷᠡᠭᠵᠢᠭᠦᠯᠬᠦ ︾ ᠠᠰᠢᠭᠯᠠᠯᠳᠠ ᠳᠤ ᠤᠷᠤᠭᠤᠯᠤᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠡᠯ᠎ᠡ ᠬᠤᠰᠢᠭᠤ ᠰᠢᠶᠠᠨ ᠬᠤᠲᠠ ᠲᠤᠭᠤᠷᠢᠭ ᠢ ᠬᠥᠲᠥᠯᠥᠨ ᠵᠢᠯᠣᠭᠤᠳᠴᠤ ᠪᠠᠶᠢᠭᠠᠳ ᠬᠢᠯᠪᠠᠷ ᠠᠴᠠ ᠨᠢ ᠬᠦᠴᠢᠷᠲᠠᠢ ᠵᠦᠭ ᠬᠢᠬᠦ᠂ ᠯᠠᠪᠳᠠᠭᠤᠨ ᠢᠶᠠᠷ ᠠᠬᠢᠭᠤᠯᠬᠤ ᠵᠠᠷᠴᠢᠮ ᠶᠣᠰᠣᠭᠠᠷ᠂ ᠵᠦᠪᠰᠢᠶᠡᠷᠡᠭᠰᠡᠨ ᠪᠣᠯᠪᠠᠴᠤ ᠬᠠᠩᠭᠠᠭᠠᠳᠤᠶ᠂ ᠰᠤᠯᠠ ᠲᠠᠯᠪᠢᠬᠳᠠᠵᠤ ᠪᠠᠶᠢᠭ᠎ᠠ ᠭᠠᠵᠠᠷ ᠰᠢᠷᠣᠢ ᠶᠢ ᠠᠰᠢᠭᠯᠠᠯᠳᠠ ᠳᠤ ᠤᠷᠤᠭᠤᠯᠤᠨ ᠰᠢᠢᠳᠪᠤᠷᠢᠯᠡᠬᠦ ᠠᠵᠢᠯ ᠢ ᠱᠠᠯᠠᠪᠳᠠᠨ ᠥᠷᠨᠢᠭᠦᠯᠵᠦ᠂ ᠠᠰᠢᠭᠯᠠᠯᠳᠠ ᠳᠤ ᠤᠷᠤᠭᠤᠯᠤᠨ ᠰᠢᠢᠳᠪᠦᠷᠢᠯᠡᠬᠦ ᠡᠭᠦᠷᠭᠡ ᠪᠠᠨ ᠴᠠᠭ ᠲᠤᠬᠠᠶ  ᠳᠤᠨᠢ ᠴᠢᠨᠠᠷ ᠰᠠᠶᠢᠲᠠᠢ ᠲᠤᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠵᠠᠢ᠃      ᠵᠦᠪᠰᠢᠶᠡᠷᠡᠭᠰᠡᠨ ᠪᠣᠯᠪᠠᠴᠤ ᠬᠠᠩᠭᠠᠭᠠᠳᠤᠶ ᠭᠠᠵᠠᠷ ᠰᠢᠷᠤᠢ ᠳᠤ ᠴᠢᠭᠯᠡᠭᠦᠯᠦᠨ ᠂ ᠲᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠢᠨ ᠭᠤᠤᠯᠳᠠᠭᠤ ︽ᠬᠠᠩᠭᠠᠬᠤ᠂ ᠬᠦᠴᠦᠨ ᠦᠭᠡᠢ ᠪᠤᠯᠭᠠᠬᠤ︾ ᠬᠤᠶᠠᠷ ᠲᠠᠯ᠎ᠠ ᠪᠠᠷ ᠬᠦᠴᠦᠯᠡᠨ ᠰᠢᠢᠳᠪᠦᠷᠢᠯᠡᠪᠡ ᠃ ᠨᠢᠭᠡ ᠲᠠᠯ᠎ᠠ ᠪᠠᠷ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠭᠠᠵᠠᠷ ᠬᠠᠩᠭᠠᠬᠤ ︽ ᠰᠠᠭᠠᠳ ᠲᠠᠢ ᠬᠦᠴᠦᠨ ᠵᠦᠢᠯ ︾ ᠢ ᠠᠷᠢᠯᠭᠠᠨ᠂ ᠰᠢᠨ᠎ᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠰᠢᠷᠣᠢ ᠶᠢ ᠤᠷᠢᠳ ᠢᠶᠠᠷ ᠬᠡᠷᠡᠭᠯᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠵᠠᠷ ᠰᠢᠷᠣᠢ ᠶᠢᠨ ᠬᠠᠨᠭ᠍ᠭᠠᠯᠭ᠎ᠠ ᠶᠢᠨ ᠠᠵᠢᠯ ᠢ ᠬᠦᠴᠦᠯᠡᠨ ᠠᠬᠢᠭᠤᠯᠵᠠᠢ︔ ᠨᠦᠭᠦᠭᠡ ᠲᠠᠯ᠎ᠠ ᠪᠠᠷ ᠬᠠᠩᠭᠠᠵᠤ ᠳᠡᠶᠢᠯᠬᠦ ᠦᠭᠡᠢ ᠪᠤᠶᠤ ᠭᠠᠵᠠᠷ ᠬᠠᠩᠭᠠᠬᠤ ᠨᠥᠬᠦᠴᠡᠯ ᠦᠭᠡᠢ ᠭᠠᠵᠠᠷ ᠰᠢᠷᠤᠢ ᠶᠢ ᠵᠦᠪᠰᠢᠶᠡᠷᠡᠭᠰᠡᠨ ᠪᠢᠴᠢᠭ ᠢ ᠬᠦᠴᠦᠨ ᠦᠭᠡᠢ ᠪᠣᠯᠭᠠᠬᠤ ᠠᠷᠭ᠎ᠠ ᠮᠠᠶ᠋ᠢᠭ ᠢᠶᠠᠷ ᠰᠢᠢᠳᠪᠤᠷᠢᠯᠡᠵᠠᠢ᠃ ᠰᠤᠯᠠ ᠲᠠᠯᠪᠢᠬᠳᠠᠵᠤ ᠪᠠᠶᠢᠬᠤ ᠭᠠᠵᠠᠷ ᠰᠢᠷᠤᠢ ᠶᠢ ᠭᠤᠣᠯᠳᠠᠭᠤ ︽ᠳᠠᠩᠰᠠᠨ ᠳᠡᠭᠡᠷᠡᠬᠢ ᠰᠤᠯᠠ ᠲᠠᠯᠪᠢᠬᠳᠠᠵᠤ ᠪᠠᠶᠢᠭ᠎ᠠ ᠪᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠭ᠎ᠠ ᠭᠠᠵᠠᠷ ᠰᠢᠷᠦᠢ︾ ᠶᠢ ᠤᠷᠢᠳ ᠢᠶᠠᠷ ᠠᠰᠢᠭᠯᠠᠯᠲᠠ ᠳᠤ ᠤᠷᠤᠭᠤᠯᠤᠨ ᠰᠢᠢᠳᠪᠤᠷᠢᠯᠡᠵᠤ᠂ ᠰᠤᠯᠠ ᠲᠠᠯᠪᠢᠬᠳᠠᠵᠤ ᠪᠠᠶᠢᠭ᠎ᠠ ᠭᠠᠵᠠᠷ ᠰᠢᠷᠤᠢ ᠶᠢ ᠪᠤᠴᠠᠭᠠᠨ ᠠᠪᠬᠤ ᠵᠡᠷᠭᠡ ᠠᠷᠭ᠎ᠠ ᠬᠡᠮᠵᠢᠶ᠎ᠠ ᠪᠠᠷ ᠰᠢᠢᠳᠪᠦᠷᠢᠯᠡᠭᠰᠡᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号