ᠣᠶᠢᠷ᠎ᠠ ᠳᠤ᠂ ︽2023 ᠣᠨ ᠤ ᠮᠠᠯ ᠵᠢᠭᠦᠷᠲᠡᠨ ᠢ ᠨᠢᠲᠤᠯᠬᠤ ᠶᠠᠰᠤ ᠴᠢᠨᠠᠷ ᠠᠶᠤᠯᠬᠦᠢ ᠶᠢ ᠬᠢᠨᠠᠨ ᠬᠡᠮᠵᠢᠬᠦ | ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ | ᠲᠢᠩᠬᠢᠮ ᠤᠨ ᠮᠡᠳᠡᠭᠳᠡᠯ︾ ᠪᠠ ︽ᠨᠢᠲᠤᠯᠬᠤ ᠭᠤᠭᠴᠤᠭ᠎ᠠ ᠳᠠᠬᠢ ᠬᠥᠷᠥᠰᠦᠯᠢᠭ ᠡᠳ᠋ ᠤᠨ ᠰᠢᠬᠢᠷᠲᠦ ᠬᠤᠷᠮᠣᠨ ᠤ | ᠲᠥᠷᠥᠯ ᠤᠨ ᠡᠮ ᠤᠨ ᠲᠤᠰᠬᠠᠢ ᠬᠢᠨᠠᠨ ᠬᠡᠮᠵᠢᠯᠲᠡ ᠶᠢ ᠥᠷᠨᠢᠭᠦᠯᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ | ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ | ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠬᠢᠭᠡᠳ ᠲᠠᠬᠤᠯ ᠡᠪᠡᠳᠴᠢᠨ ᠤ ᠰᠤᠳᠤᠯᠤᠯ ᠤᠨ ᠲᠥᠪ ᠤᠨ | ᠠᠮᠢᠲᠠᠨ ᠤ ᠠᠰᠢᠭ ᠰᠢᠮ᠎ᠡ ᠶᠢᠨ ᠠᠶᠤᠯᠬᠦᠢ ᠶᠢ ᠬᠢᠨᠠᠨ ᠬᠡᠮᠵᠢᠬᠦ ᠲᠠᠰᠤᠭ ︵ᠲᠠᠷᠢᠶᠠᠯᠠᠩ ᠬᠥᠳᠡᠭᠡ ᠲᠣᠰᠬᠤᠨ ᠤ | ᠶᠠᠮᠤᠨ ᠤ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢᠨ ᠡᠷᠡᠭᠦᠯ ᠬᠠᠮᠠᠭᠠᠯᠠᠯ ᠤᠨ ᠶᠠᠰᠤ ᠴᠢᠨᠠᠷ ᠲᠤ ᠬᠢᠨᠠᠯᠲᠠ | ᠲᠠᠯᠪᠢᠵᠤ ᠰᠢᠯᠭᠠᠨ ᠪᠠᠶᠢᠴᠠᠭᠠᠬᠤ ᠲᠥᠪ︶ ᠤᠨ ᠡᠷᠬᠢᠯᠡᠭᠴᠢ ᠰᠥᠩ ᠼᠦᠢ ᠫᠢᠩ᠂ ᠳᠡᠭᠡᠳᠦ ᠵᠡᠷᠭᠡ ᠶᠢᠨ ᠮᠠᠯ ᠤᠨ | ᠡᠮᠴᠢ ᠸᠠᠩ ᠱᠦ ᠲᠢᠩ ᠨᠠᠷ ᠬᠢᠩᠭᠠᠨ ᠠᠶᠢᠮᠠᠭ ᠲᠤ ᠬᠦᠷᠴᠦ ᠥᠯᠢᠭᠡᠷ ᠡᠳ᠋ ᠠᠪᠤᠪᠠ᠃ ᠥᠪᠡᠷᠲᠡᠭᠡᠨ ᠵᠠᠰᠠᠬᠤ | ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠠᠶᠤᠯᠬᠦᠢ ᠶᠢᠨ ᠲᠥᠪ ᠤᠨ | ᠳᠡᠳ᠋ ᠡᠷᠬᠢᠯᠡᠭᠴᠢ ᠤᠷᠢᠬᠠᠨ ᠂ ᠳᠡᠯᠭᠡᠷᠡᠭᠦᠯᠦᠯᠲᠡ ᠶᠢᠨ ᠰᠤᠳᠤᠯᠤᠭᠴᠢ ᠮᠢᠶᠣᠣ ᠯᠢ ᠮᠧᠶ ᠥᠯᠢᠭᠡᠷ ᠡᠳ᠋ ᠠᠪᠬᠤ ᠳᠤ | ᠪᠠᠷ᠎ᠠ ᠪᠣᠯᠪᠠ ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠢᠲᠤᠯᠬᠤ ᠭᠤᠭᠴᠤᠭ᠎ᠠ ᠶᠢᠨ ᠥᠯᠢᠭᠡᠷ ᠡᠳ᠋ ᠠᠪᠬᠤ | ᠠᠵᠢᠯ ᠤᠨ ᠳᠤᠭᠤᠶᠢᠯᠠᠩ ᠤᠨ ᠬᠢᠨ ᠤᠯᠠᠭᠠᠨᠬᠤᠲᠠ ᠶᠢᠨ ᠯᠢ ᠰᠢᠶᠠᠩ ᠢᠳᠡᠭᠡᠨ ᠤ ᠬᠢᠵᠠᠭᠠᠷᠲᠤ ᠺᠣᠮᠫᠠᠨᠢ᠂ | ᠤᠯᠠᠭᠠᠨᠬᠤᠲᠠ ᠶᠢᠨ ᠽᠧᠩ ᠯᠢᠶᠠᠩ ᠯᠠᠯᠤ ᠶᠢᠨ ᠨᠢᠲᠤᠯᠬᠤ ᠦᠢᠯᠡᠳᠪᠦᠷᠢ᠂ ᠤᠯᠠᠭᠠᠨᠬᠤᠲᠠ ᠶᠢᠨ ᠰᠢᠨ ᠬᠤᠩ ᠶᠦᠨ | ᠨᠢᠲᠤᠯᠵᠤ ᠪᠣᠯᠪᠠᠰᠤᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠥᠯᠢᠭᠡᠷ ᠡᠳ᠋ ᠠᠪᠴᠤ᠂ | ᠨᠡᠶᠢᠲᠡ 30 ᠬᠤᠪᠢ ᠦᠬᠡᠷ ᠤᠨ ᠡᠯᠢᠭᠡ ︵ ᠠᠶᠤᠯᠬᠦᠢ ᠶᠢ ᠬᠢᠨᠠᠨ ᠬᠡᠮᠵᠢᠬᠦ ᠥᠯᠢᠭᠡᠷ ᠡᠳ᠋ 25 ᠬᠤᠪᠢ᠂ ᠲᠤᠰᠬᠠᠢ | ᠬᠢᠨᠠᠨ ᠬᠡᠮᠵᠢᠬᠦ ᠥᠯᠢᠭᠡᠷ ᠡᠳ᠋ 5 ᠬᠤᠪᠢ︶᠂ 7 ᠬᠤᠪᠢ ᠬᠤᠨᠢᠨ ᠤ ᠡᠯᠢᠭᠡ᠂ 4 ᠬᠤᠪᠢ ᠭᠠᠭ᠋ᠠᠢ ᠶᠢᠨ ᠡᠯᠢᠭᠡ ᠪᠣᠶ᠃ | | ᠲᠣᠰ ᠤᠳᠠᠭ᠎ᠠ ᠶᠠᠮᠤᠨ ᠤ ᠲᠠᠰ ᠤᠨ ᠥᠯᠢᠭᠡᠷ ᠡᠳ᠋ ᠠᠪᠤᠭᠰᠠᠨ ᠨᠢ ᠂ ᠬᠢᠩᠭᠠᠨ ᠠᠶᠢᠮᠠᠭ ᠤᠨ ᠮᠠᠯ | ᠵᠢᠭᠦᠷᠲᠡᠨ ᠢ ᠨᠢᠲᠤᠯᠬᠤ ᠭᠤᠭᠴᠤᠭ᠎ᠠ ᠶᠢᠨ ᠶᠠᠰᠤ ᠴᠢᠨᠠᠷ ᠠᠶᠤᠯᠬᠦᠢ ᠶᠢᠨ ᠪᠠᠶᠢᠳᠠᠯ ᠪᠠ ᠬᠥᠭᠵᠢᠯᠲᠡ ᠶᠢᠨ | ᠬᠠᠨᠳᠤᠰᠢ ᠶᠢ ᠴᠠᠭ ᠲᠤᠬᠠᠢ ᠳᠤ ᠨᠢ ᠡᠵᠡᠮᠰᠢᠵᠦ᠂ ᠠᠶᠤᠯᠬᠦᠢ ᠶᠢ ᠦᠨᠡᠯᠡᠨ ᠵᠢᠱᠢᠬᠦ ᠪᠠ ᠬᠢᠨᠠᠯᠲᠠ ᠲᠠᠯᠪᠢᠵᠤ | ᠬᠠᠮᠢᠶᠠᠷᠬᠤ ᠶᠢ ᠴᠢᠭᠯᠡᠭᠦᠯᠬᠦ ᠴᠢᠨᠠᠷᠲᠠᠢ ᠪᠠᠷ ᠥᠷᠨᠢᠭᠦᠯᠬᠦ ᠶᠢ ᠲᠦᠯᠬᠢᠨ ᠠᠬᠢᠭᠤᠯᠵᠤ᠂ ᠬᠢᠩᠭᠠᠨ ᠠᠶᠢᠮᠠᠭ ᠤᠨ ᠮᠠᠯ | ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠠᠶᠤᠯᠬᠦᠢ ᠶᠢᠨ ᠬᠢᠷᠢ ᠲᠦᠪᠰᠢᠨ ᠢ ᠤᠯᠠᠮ ᠴᠢᠨᠠᠬᠰᠢᠳᠠ | ᠳᠡᠭᠡᠭᠰᠢᠯᠡᠭᠦᠯᠦᠭᠰᠡᠨ ᠪᠠᠶᠢᠨ᠎ᠠ᠃ | |