ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ︵ᠲᠠᠷᠢᠶᠠᠯᠠᠩ︶ ᠶᠢᠨ ᠮᠡᠷᠭᠡᠵᠢᠯ ᠳᠡᠯᠭᠡᠷᠡᠭᠦᠯᠬᠦ ᠲᠥᠪ᠂ | ᠬᠥᠭᠵᠢᠭᠦᠯᠦᠯᠲᠡ ᠶᠢᠨ ᠲᠥᠪ᠂ ᠰᠤᠳᠤᠯᠭᠠᠨ ᠤ ᠭᠠᠵᠠᠷ᠂ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢ ᠡᠷᠭᠢᠯᠡᠬᠦ | ᠨᠢᠭᠡᠴᠢ ᠂ ᠳᠠᠭᠠᠭᠠᠨ ᠲᠤᠷᠰᠢᠬᠤ ᠨᠢᠭᠡᠴᠢ ᠂ ᠲᠤᠷᠰᠢᠯᠲᠠ ᠳᠤ ᠣᠷᠤᠯᠴᠠᠬᠤ ᠨᠢᠭᠡᠴᠢ ᠳᠤ᠄ | ᠲᠤᠷᠰᠢᠯᠲᠠ ᠳᠤ ᠣᠷᠣᠯᠴᠠᠭᠰᠠᠨ ᠰᠢᠨ᠎ᠡ ᠡᠭᠦᠯᠳᠡᠷ ᠤᠨ ᠶᠡᠷᠦᠩᠬᠡᠶᠢᠯᠡᠭᠰᠡᠨ ᠴᠢᠨᠠᠷ ᠪᠠ ᠲᠡᠰᠪᠦᠷᠢᠯᠡᠬᠦ | ᠴᠢᠨᠠᠷ ᠤᠨ ᠢᠯᠡᠷᠡᠯ ᠢ ᠪᠤᠰᠤᠳᠴᠢ ᠂ ᠰᠢᠨᠵᠢᠯᠡᠬᠦ ᠤᠬᠠᠭᠠᠨᠴᠢ ᠂ ᠲᠥᠪ ᠭᠤᠣᠯᠴᠢ ᠪᠠᠷ ᠬᠢᠨᠠᠨ ᠲᠣᠭᠲᠠᠭᠠᠵᠤ᠂ ᠮᠠᠨ ᠤ | ᠣᠷᠣᠨ ᠤ ᠠᠳᠠᠯᠢ ᠪᠤᠰᠤ ᠠᠮᠢ ᠠᠬᠤᠢ ᠶᠢᠨ ᠣᠷᠣᠨ ᠳᠤ ᠲᠠᠷᠢᠬᠤ ᠳᠤ ᠲᠣᠬᠢᠷᠠᠮᠵᠢᠲᠠᠢ ᠡᠭᠦᠯᠳᠡᠷ ᠢ ᠰᠢᠯᠢᠨ | ᠰᠣᠩᠭᠤᠵᠤ ᠂ ᠮᠠᠨ ᠤ ᠣᠷᠣᠨ ᠤ ᠪᠤᠭᠤᠳᠠᠢ ᠶᠢᠨ ᠡᠭᠦᠯᠳᠡᠷ ᠤᠨ ᠰᠢᠨᠡᠳᠬᠡᠨ ᠰᠣᠯᠢᠭᠳᠠᠬᠤ ᠶᠢ ᠲᠦᠭᠡᠳᠭᠡᠬᠦ ᠶᠢᠨ | ᠲᠤᠰᠠᠲᠠ᠂ 2023 ᠣᠨ ᠤ 1 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ 2022 ᠣᠨ ᠤ ᠥᠪᠡᠷᠲᠡᠭᠡᠨ | ᠵᠠᠰᠠᠬᠤ ᠣᠷᠣᠨ ᠤ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠳ᠋ᠦᠩᠨᠡᠯᠲᠡ ᠶᠢᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ ᠂ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ | ᠬᠤᠯᠪᠣᠭᠳᠠᠯ ᠪᠦᠬᠦᠢ ᠲᠣᠭᠲᠠᠭᠠᠯ ᠵᠢᠴᠢ ᠬᠤᠷᠠᠯ ᠤᠨ ᠰᠢᠢᠳᠪᠦᠷᠢ ᠶᠢ ᠦᠨᠳᠦᠰᠦᠯᠡᠨ᠂ ︽2023 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ | ᠬᠡᠷᠡᠭᠵᠢᠭᠦᠯᠬᠦ ᠲᠥᠰᠥᠯ︾ ᠢ ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ ᠂ ᠬᠡᠷᠡᠭᠵᠢᠭᠦᠯᠬᠦ | ᠲᠥᠰᠥᠯ ᠤᠨ ᠱᠠᠭᠠᠷᠳᠠᠯᠭ᠎ᠠ ᠶᠣᠰᠣᠭᠠᠷ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠭᠦᠯᠳᠡᠷ ᠤᠨ | ᠲᠤᠷᠰᠢᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠭᠠᠷᠠᠢ᠃ | | ᠳᠠᠭᠠᠯᠳᠤᠭᠤᠯᠤᠯ᠄ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ | ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ | 2023 ᠣᠨ ᠤ 3 ᠰᠠᠷ᠎ᠠ ᠶᠢᠨ 3 ᠤ ᠡᠳᠦᠷ | |