ᠨᠢᠭᠡ ᠂ ᠮᠡᠷᠭᠡᠵᠢᠯ ᠤᠨ ᠲᠣᠶᠢᠮᠣᠴᠢᠯᠠᠯ | ᠬᠤᠷᠠᠭ᠎ᠠ ᠵᠢᠴᠢ ᠪᠡᠯᠡᠳᠬᠡᠯ ᠬᠤᠨᠢ ᠪᠣᠯ ᠬᠤᠨᠢᠨ ᠤ ᠠᠵᠤ ᠦᠢᠯᠡᠰ ᠤᠨ ᠰᠠᠭᠤᠷᠢ ᠪᠣᠯᠣᠨ᠎ᠠ᠃ ᠬᠤᠷᠠᠭ᠎ᠠ | ᠪᠣᠶᠢᠵᠢᠭᠤᠯᠬᠤ ᠳᠤ ᠪᠣᠳᠠᠲᠠᠢ ᠣᠷᠣᠰᠢᠵᠤ ᠪᠠᠶᠢᠭ᠎ᠠ ᠭᠤᠣᠯ ᠠᠰᠠᠭᠤᠳᠠᠯ ᠭᠡᠪᠡᠯ᠂ ᠬᠥᠬᠦᠭᠦᠯᠬᠦ ᠬᠤᠭᠤᠴᠠᠭ᠎ᠠ ᠨᠢ 90 | ᠡᠳᠦᠷ ᠪᠠᠶᠢᠳᠠᠭ ᠴᠦ ᠪᠤᠶᠢᠵᠢᠯᠳᠠ ᠶᠢᠨ ᠨᠣᠷᠮ᠎ᠠ ᠨᠢ 80% ᠬᠦᠷᠳᠡᠭ ᠦᠭᠡᠢ᠂ ᠬᠦᠨᠳᠦ ᠶᠢᠨ ᠨᠡᠮᠡᠭᠳᠡᠯ ᠨᠢ | ᠤᠳᠠᠭᠠᠨ᠂ ᠵᠠᠷᠤᠴᠠᠭᠤᠯᠤᠯᠳᠠ ᠶᠢᠨ ᠨᠣᠷᠮ᠎ᠠ ᠨᠢ ᠳᠣᠣᠷ᠎ᠠ ︵ᠶᠡᠷᠦ ᠳᠡᠭᠡᠨ 12 ᠰᠠᠷ᠎ᠠ ᠬᠡᠷᠡᠭᠰᠡᠨ᠎ᠡ︶᠂ ᠴᠢᠨᠠᠷ | ᠰᠠᠶᠢᠲᠠᠢ ᠪᠡᠯᠡᠳᠬᠡᠯ ᠬᠤᠨᠢᠨ ᠤ ᠢᠷᠡᠯᠲᠡ ᠨᠢ ᠬᠦᠷᠦᠯᠴᠡᠬᠦ ᠦᠭᠡᠢ ᠠᠴᠠ ᠪᠣᠯᠵᠤ᠂ ᠠᠵᠤ ᠦᠢᠯᠡᠰ ᠤᠨ | ᠬᠥᠭᠵᠢᠯᠲᠡ ᠳᠤ ᠪᠡᠯᠡᠳᠬᠡᠯ ᠬᠦᠴᠦᠨ ᠲᠤᠲᠠᠭᠳᠠᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠳᠣᠣᠷ᠎ᠠ᠂ | ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠦᠷ᠎ᠡ ᠠᠰᠢᠭ ᠳᠣᠣᠷ᠎ᠠ ᠪᠣᠯᠵᠤ᠂ ᠠᠵᠤ ᠦᠢᠯᠡᠰ ᠤᠨ ᠡᠷᠡᠭᠦᠯ ᠢᠶᠠᠷ | ᠬᠥᠭᠵᠢᠬᠦ ᠶᠢ ᠰᠢᠭᠤᠳ ᠨᠦᠯᠦᠭᠡᠯᠡᠳᠡᠭ᠃ ︽ᠬᠤᠷᠠᠭ᠎ᠠ ᠶᠢ ᠡᠬᠡ ᠠᠴᠠ ᠨᠢ ᠰᠠᠯᠭᠠᠭᠰᠠᠨ ᠡᠬᠢᠨ ᠤ ᠬᠤᠭᠤᠴᠠᠭ᠎ᠠ ᠪᠠ | ᠤᠭᠵᠢᠬᠤ ᠮᠡᠷᠭᠡᠵᠢᠯ︾ ᠢ 2000 ᠣᠨ ᠠᠴᠠ ᠡᠬᠢᠯᠡᠨ ᠰᠤᠳᠤᠯᠵᠤ᠂ ᠣᠳᠣᠬᠠᠨ ᠳᠤ ᠨᠢᠭᠡᠨᠲᠡ ᠨᠢᠭᠡ ᠢᠵᠢ | ᠬᠤᠷᠠᠭᠠᠨ ᠤ ᠰᠦ ᠶᠢ ᠤᠷᠤᠯᠠᠭᠤᠯᠬᠤ ᠦᠢᠯᠡᠳᠬᠦᠨ ᠢ ᠰᠤᠳᠤᠯᠤᠨ ᠨᠡᠭᠡᠭᠡᠬᠦ᠂ ᠲᠡᠵᠢᠭᠡᠬᠦ ᠳᠤ ᠰᠠᠭᠤᠷᠢᠯᠠᠭᠰᠠᠨ | ᠠᠩᠬᠠᠨ ᠤ ᠬᠤᠭᠤᠴᠠᠭᠠᠨ ᠤ ᠰᠦ ᠠᠴᠠ ᠨᠢ ᠰᠠᠯᠭᠠᠬᠤ ᠡᠷᠡᠭᠦᠯ ᠢᠶᠠᠷ ᠪᠣᠶᠢᠵᠢᠭᠤᠯᠬᠤ ᠮᠡᠷᠭᠡᠵᠢᠯ ᠤᠨ ᠰᠢᠰᠲ᠋ᠧᠮ ᠢ | ᠪᠠᠶᠢᠭᠤᠯᠵᠤ᠂ ᠲᠣᠰ ᠮᠡᠷᠭᠡᠵᠢᠯ ᠢ ᠪᠥᠬᠦ ᠤᠯᠤᠰ ᠲᠤ 10 ᠭᠠᠷᠤᠢ ᠵᠢᠯ ᠳᠡᠯᠭᠡᠷᠡᠭᠦᠯᠦᠨ ᠬᠡᠷᠡᠭᠯᠡᠭᠡᠳ ᠬᠤᠨᠢ ᠲᠡᠵᠢᠭᠡᠬᠦ | ᠡᠷᠦᠬᠡ ᠳᠤ ᠮᠡᠳᠡᠷᠡᠭᠳᠡᠵᠦ᠂ ᠬᠤᠷᠠᠭ᠎ᠠ ᠶᠢᠨ ᠪᠤᠶᠢᠵᠢᠯᠳᠠ ᠶᠢᠨ ᠨᠣᠷᠮ᠎ᠠ ᠶᠢ ᠳᠡᠭᠡᠭᠰᠢᠯᠡᠭᠦᠯᠬᠦ ᠬᠠᠮᠤᠭ ᠤᠨ ᠲᠡᠷᠢᠭᠦᠨ | ᠰᠤᠩᠭᠤᠯᠲᠠ ᠶᠢᠨ ᠮᠡᠷᠭᠡᠵᠢᠯ ᠪᠣᠯᠤᠭᠰᠠᠨ ᠪᠠᠶᠢᠨ᠎ᠠ᠃ | ᠬᠤᠶᠠᠷ ᠂ ᠮᠡᠷᠭᠡᠵᠢᠯ ᠤᠨ ᠭᠤᠣᠯᠳᠠᠯᠭ᠎ᠠ | ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠬᠦ ᠠᠷᠭ᠎ᠠ ᠪᠠ ᠡᠳᠦᠷ ᠤᠨ ᠪᠣᠷᠳᠤᠭ᠎ᠠ ᠶᠢ ᠨᠠᠶᠢᠷᠠᠭᠤᠯᠬᠤ | ᠮᠡᠷᠭᠡᠵᠢᠯ ᠃ ᠬᠤᠷᠠᠭ᠎ᠠ ᠲᠦᠯᠯᠡᠭᠰᠡᠨ ᠤ ᠳᠠᠷᠠᠭᠠᠬᠢ 1~7 ᠡᠳᠦᠷ ᠤᠨ ᠬᠤᠭᠤᠴᠠᠭᠠᠨ ᠳᠤ ᠡᠬᠡ ᠪᠠᠨ ᠬᠦᠬᠦᠵᠦ ᠂ | 7~14 ᠡᠳᠦᠷ ᠤᠨ ᠬᠤᠭᠤᠴᠠᠭᠠᠨ ᠳᠤ ᠡᠬᠡ ᠶᠢᠨ ᠰᠦ ᠪᠠ ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠬᠦ | ᠰᠢᠯᠵᠢᠯᠲᠡ ᠶᠢᠨ ᠬᠤᠭᠤᠴᠠᠭ᠎ᠠ ᠶᠢ ᠦᠩᠭᠡᠷᠡᠭᠡᠨ᠂ 15 ᠡᠳᠦᠷ ᠤᠨ ᠬᠤᠭᠤᠴᠠᠭᠠᠨ ᠳᠤ ᠡᠬᠡ ᠶᠢᠨ ᠰᠦ ᠠᠴᠠ ᠨᠢ | ᠰᠠᠯᠭᠠᠵᠤ ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠵᠦ᠂ 20 ᠡᠳᠦᠷ ᠤᠨ ᠬᠤᠭᠤᠴᠠᠭᠠᠨ ᠳᠤ | ᠬᠤᠷᠠᠭᠠᠨ ᠤ ᠵᠠᠳᠠᠭᠠᠢ ᠪᠤᠷᠳᠤᠭ᠎ᠠ ᠶᠢ ᠳᠤᠷ᠎ᠠ ᠪᠠᠷ ᠨᠢ ᠢᠳᠡᠭᠦᠯᠦᠨ᠎ᠡ᠃ ᠪᠣᠳᠠᠲᠠᠢ ᠠᠷᠭ᠎ᠠ ᠨᠢ ᠳᠣᠣᠷᠠᠬᠢ ᠮᠡᠲᠦ ᠄ ᠰᠦ | ᠶᠢ ᠤᠷᠤᠯᠠᠭᠤᠯᠬᠤ ᠲᠠᠯᠬ᠎ᠠ ᠢᠶᠠᠷ ᠲᠡᠵᠢᠭᠡᠬᠦ ᠠᠴᠠ ᠡᠮᠦᠨ᠎ᠡ ᠪᠤᠴᠠᠯᠤᠭᠰᠠᠨ ᠤ ᠳᠠᠷᠠᠭ᠎ᠠ ᠬᠥᠷᠥᠭᠡᠭᠡᠳ 50℃ ᠪᠣᠯᠬᠤ | ᠬᠠᠯᠠᠭᠤᠨ ᠤᠰᠤ ᠪᠠᠷ ᠰᠦᠨ ᠲᠠᠯᠬ᠎ᠠ ᠄ ᠤᠰᠤ =1 ᠄ ︵ 5 ~ 7 ︶ ᠬᠠᠷᠢᠴᠠᠯ ᠢᠶᠠᠷ ᠳᠡᠪᠲᠦᠭᠡᠵᠦ ᠂ ᠳᠠᠬᠢᠨ | ᠬᠥᠷᠥᠭᠡᠭᠡᠳ 40℃ ᠤᠷᠴᠢᠮ ᠪᠤᠯᠭᠠᠭᠠᠳ ᠲᠡᠵᠢᠭᠡᠨ᠎ᠡ ᠃ ᠲᠡᠵᠢᠭᠡᠭᠰᠡᠨ ᠤ ᠳᠠᠷᠠᠭ᠎ᠠ ᠴᠡᠪᠡᠷ ᠠᠯᠴᠢᠭᠤᠷ ᠢᠶᠠᠷ | ᠬᠤᠷᠠᠭᠠᠨ ᠤ ᠵᠠᠪᠠᠵᠢ ᠳᠤ ᠨᠠᠭᠠᠯᠳᠤᠭᠰᠠᠨ ᠰᠦᠨ ᠰᠢᠩᠭᠡᠨ ᠢ ᠵᠦᠯᠭᠦᠵᠦ ᠴᠡᠪᠡᠷᠯᠡᠨ᠎ᠡ ᠃ ᠬᠤᠷᠠᠭᠠᠨ ᠤ ᠥᠰᠦᠯᠲᠡ | ᠪᠤᠶᠢᠵᠢᠯᠲᠠ ᠶᠢᠨ ᠪᠠᠶᠢᠳᠠᠯ ᠢ ᠦᠨᠳᠦᠰᠦᠯᠡᠨ 60 ~ 90 ᠡᠳᠦᠷ ᠤᠨ ᠬᠤᠭᠤᠴᠠᠭᠠᠨ ᠳᠤ ᠰᠦ ᠶᠢ ᠤᠷᠤᠯᠠᠭᠤᠯᠬᠤ | ᠦᠢᠯᠡᠳᠬᠦᠨ ᠪᠤᠶᠤ ᠰᠢᠩᠭᠡᠨ ᠪᠡᠶᠡᠲᠦ ᠲᠡᠵᠢᠭᠡᠯ ᠢ ᠵᠣᠭᠰᠣᠭᠠᠵᠤ ᠂ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ | ᠲᠠᠷᠭᠤᠯᠠᠭᠤᠯᠬᠤ ᠬᠤᠭᠤᠴᠠᠭᠠᠨ ᠳᠤ ᠣᠷᠣᠭᠤᠯᠤᠨ᠎ᠠ ᠂ ᠬᠤᠷᠠᠭᠠᠨ ᠤ ᠥᠰᠦᠯᠲᠡ ᠪᠤᠶᠢᠵᠢᠯᠲᠠ ᠪᠣᠯᠣᠨ ᠪᠡᠶ᠎ᠡ ᠶᠢᠨ | ᠬᠦᠨᠳᠦ ᠶᠢᠨ ᠬᠤᠪᠢᠷᠠᠯᠲᠠ ᠶᠢ ᠦᠨᠳᠦᠰᠦᠯᠡᠨ ᠲᠡᠵᠢᠭᠡᠯ ᠪᠤᠷᠳᠤᠭ᠎ᠠ ᠨᠦᠬᠦᠪᠦᠷᠢᠯᠡᠬᠦ ᠬᠡᠮᠵᠢᠶ᠎ᠡ ᠪᠠᠨ ᠢᠳᠡᠭ | ᠢᠳᠡᠭ ᠢᠶᠠᠷ ᠨᠡᠮᠡᠭᠳᠡᠭᠦᠯᠵᠦ᠂ 6 ᠰᠠᠷ᠎ᠠ ᠪᠤᠯᠤᠭᠰᠠᠨ ᠤ ᠳᠠᠷᠠᠭ᠎ᠠ ᠵᠠᠷᠤᠴᠠᠭᠤᠯᠤᠯᠳᠠ ᠳᠤ ᠤᠷᠤᠭᠤᠯᠤᠨ᠎ᠠ᠃ | ᠬᠤᠷᠠᠭᠠᠨ ᠤ ᠵᠠᠳᠠᠭᠠᠢ ᠪᠤᠷᠳᠤᠭᠠᠨ ᠤ ᠢᠳᠡᠰᠢᠨ ᠤ ᠨᠠᠶᠢᠷᠠᠯᠭ᠎ᠠ ᠨᠢ ᠡᠷᠳᠡᠨᠢ ᠰᠢᠰᠢ 70% ᠂ ᠰᠢᠬᠠᠳᠠᠰᠤ ᠶᠢᠨ | ᠲᠦᠷᠦᠯ 20% ᠂ ᠬᠡᠪᠡᠭ 5% ᠂ ᠬᠤᠯᠢᠮᠠᠭ ᠰᠢᠭᠠᠷᠤ 3.5% ᠂ ᠳᠠᠪᠤᠰᠤ 0.5% ᠂ ᠸᠢᠲ᠋ᠠᠮᠢᠨ ᠪᠣᠯᠣᠨ ᠪᠢᠴᠢᠯ | ᠡᠯᠧᠮᠧᠨ᠋ᠲ ᠤᠨ ᠬᠤᠯᠢᠮᠠᠭ ᠲᠡᠵᠢᠭᠡᠯ ᠪᠣᠷᠳᠤᠭ᠎ᠠ 1% ᠃ ᠬᠤᠨᠤᠭ ᠤᠨ ᠲᠡᠵᠢᠭᠡᠯ ᠤᠨ ᠨᠠᠶᠢᠷᠠᠯᠭ᠎ᠠ ᠶᠢ ᠬᠤᠷᠠᠭᠠᠨ ᠤ | ᠪᠡᠶ᠎ᠡ ᠶᠢᠨ ᠪᠠᠶᠢᠳᠠᠯ ᠢ ᠦᠨᠳᠦᠰᠦᠯᠡᠨ ᠲᠣᠬᠢᠷᠠᠭᠤᠯᠵᠤ ᠂ ᠲᠦᠷᠭᠡᠨ ᠦᠰᠦᠯᠳᠡ ᠪᠠ ᠪᠤᠶᠢᠵᠢᠯᠳᠠ ᠶᠢᠨ | ᠱᠠᠭᠠᠷᠳᠠᠯᠭ᠎ᠠ ᠶᠢ ᠬᠠᠩᠭᠠᠨ᠎ᠠ ᠃ | | | |