ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ | ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ | ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ ᠃ ᠲᠡᠷᠡ ᠂ | ᠨᠠᠮ ᠤᠨ ᠲᠥᠪ ᠬᠤᠷᠢᠶ᠎ᠠ ︽ᠬᠤᠶᠠᠷ ᠡᠷᠡᠰ ᠭᠤᠶᠢᠪᠢᠰᠢ ᠦᠭᠡᠢ ᠪᠠᠶᠢᠬᠤ ︾ ᠂ ︽ᠭᠤᠷᠪᠠᠨ ᠬᠤᠪᠢᠷᠠᠭ᠎ᠠ ᠦᠭᠡᠢ | ᠪᠠᠶᠢᠬᠤ ︾ ᠶᠢ ᠢᠮᠠᠭᠲᠠ ᠪᠠᠷᠢᠮᠲᠠᠯᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠢ ᠢᠮᠠᠭᠲᠠ ᠥᠪᠡᠷ ᠤᠨ ᠬᠥᠮᠥᠨ ᠢᠶᠠᠨ ᠪᠣᠯᠭᠠᠨ ᠦᠵᠡᠪᠡ ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ | ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ ᠂ ᠢᠲᠡᠭᠡᠯ | ᠵᠣᠷᠢᠭ ᠢ ᠨᠢ ᠬᠥᠪᠴᠢᠯᠡᠵᠦ ᠂ ᠳᠠᠷᠤᠭᠠᠰᠤ ᠶᠢ ᠨᠢ ᠬᠥᠩᠭᠡᠷᠡᠭᠦᠯᠵᠦ ᠂ ᠵᠣᠷᠢᠭᠲᠠᠢ ᠪᠠᠷ ᠬᠥᠭᠵᠢᠭᠦᠯᠵᠦ ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠵᠦ ᠂ ᠴᠢᠨᠠᠷ ᠰᠠᠶᠢᠲᠠᠢ ᠭᠦᠭᠵᠢᠭᠦ ᠶᠢ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ ᠃ | | | | | | ︽3·8 ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ | ᠲᠠᠰᠢᠷᠠᠮ ᠢᠶᠠᠷ ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ︽ᠬᠤᠶᠠᠷ ᠬᠤᠷᠠᠯ ︾ | ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ ᠂ ᠡᠮᠡᠭᠲᠡᠢ ᠭᠡᠰᠢᠭᠦᠨ ᠂ ᠡᠮᠡᠭᠲᠡᠢ ᠠᠵᠢᠯᠲᠠᠨ ᠂ ᠪᠦᠭᠦ ᠤᠯᠤᠰ ᠤᠨ | ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠂ | ᠣᠣᠮᠧᠨ ᠵᠠᠰᠠᠭ ᠵᠠᠬᠢᠷᠭᠠᠨ ᠤ ᠣᠨᠴᠠᠭᠠᠢ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ ᠂ ᠭᠠᠳᠠᠭᠠᠳᠤ ᠳᠤ ᠪᠠᠶᠢᠭ᠎ᠠ | ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ ︕ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠡᠷᠭᠢᠯᠡᠭᠴᠢ ᠸᠠᠩ ᠬᠤ᠋ ᠨᠢᠩ ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ ᠂ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ | ᠶᠠᠷᠢᠯᠴᠠᠬᠤ ᠳᠤ ᠣᠷᠣᠯᠴᠠᠪᠠ ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠂ ᠽᠧᠩ ᠢᠦᠢ ᠴᠢᠶᠦ᠋ᠨ ᠂ ᠰᠢᠶᠧ ᠳ᠋ᠦᠩ ᠂ ᠯᠢᠦ ᠵᠧᠨ ᠳ᠋ᠦᠩ ᠂ | ᠴᠧᠨ ᠰᠢᠶᠣᠣ ᠫᠢᠩ ᠂ ᠰᠢᠶᠧ ᠷᠦ ᠂ ᠰᠦᠨ ᠳ᠋ᠦᠩ ᠱᠧᠩ ᠵᠡᠷᠭᠡ 6 ᠭᠡᠰᠢᠭᠦᠨ ᠂ ᠪᠦᠭᠦ ᠪᠥᠮᠪᠥᠷᠴᠡᠭ ᠤᠨ ᠰᠢᠨ᠎ᠡ | ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ ᠡᠵᠡᠯᠡᠭᠦ ᠂ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ | ᠲᠸᠭ᠍ᠨ᠋ᠶᠢᠠ᠋ ᠮᠡᠷᠭᠡᠵᠢᠯ ᠤᠨ ᠰᠢᠨ᠎ᠡ ᠶᠢ ᠡᠭᠦᠳᠭᠦ ᠶᠢ ᠳᠡᠮᠵᠢᠭᠦ ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠨᠡᠩ | ᠰᠠᠶᠢᠨ ᠨᠥᠬᠦᠴᠡᠯ ᠡᠭᠦᠳᠴᠦ ᠦᠭᠭᠦ ᠂ ᠲᠠᠪᠴᠠᠩ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠳᠠᠪᠠᠭᠤᠯᠢᠭ ᠪᠠ ᠠᠮᠢᠵᠢᠷᠠᠯ ᠤᠨ ᠬᠦᠴᠦᠨ ᠢ ᠴᠢᠨᠠᠭᠰᠢᠳᠠ ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠦᠭᠡ | ᠬᠡᠯᠡᠪᠡ ᠃ | ᠰᠢ ᠶᠢᠨ ᠫᠢᠩ ᠤᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ ᠃ | ᠲᠡᠷᠡ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ ᠪᠠᠶᠢᠭ᠎ᠠ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ | ᠦᠵᠡᠵᠦ ᠂ ᠤᠯᠠᠨ ᠲᠠᠢ ᠬᠠᠮᠲᠤ ᠶᠠᠷᠢᠯᠴᠠᠨ ᠪᠤᠳᠤᠯ ᠰᠠᠨᠠᠯ ᠢᠶᠠᠨ ᠰᠣᠯᠢᠯᠴᠠᠵᠤ ᠪᠠᠶᠢᠭ᠎ᠠ ᠳᠠᠭᠠᠨ ᠮᠠᠰᠢ ᠪᠠᠶᠠᠷ ᠲᠠᠢ ᠪᠠᠶᠢᠨ᠎ᠠ | ᠭᠡᠵᠦ ᠢᠯᠡᠳᠬᠡᠪᠡ ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠷᠠᠯ ᠳᠤ ᠣᠷᠣᠯᠴᠠᠬᠰᠠᠨ ᠭᠡᠰᠢᠭᠦᠳ ᠪᠠ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠥᠷᠭᠡᠨ ᠤᠯᠠᠨ | ᠪᠦᠷᠢᠯᠳᠦᠭᠦᠨ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠂ ᠥᠷᠭᠡᠨ ᠤᠯᠠᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ᠃ | | | | | | ᠰᠢ ᠶᠢᠨ ᠫᠢᠩ ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠂ | ᠲᠤᠶᠢᠯ ᠤᠨ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠳᠡᠯᠡᠬᠡᠢ ᠶᠢᠨ ᠣᠷᠴᠢᠨ ᠰᠠᠯᠬᠢ ᠶᠡᠭᠡ ᠳᠠᠪᠠᠯᠭᠠᠨ ᠰᠢᠷᠦᠭᠦᠨ | ᠪᠠᠶᠢᠭᠰᠠᠨ ᠪᠠ ᠤᠯᠤᠰ ᠤᠨ ᠳᠣᠲᠣᠭᠠᠳᠤ ᠳᠤ ᠵᠢᠱᠢᠯᠲᠡ ᠠᠴᠠ ᠳᠠᠪᠠᠭᠰᠠᠨ ᠤᠯᠠᠨ ᠳᠠᠪᠬᠤᠷ ᠬᠦᠴᠦᠨ ᠵᠦᠢᠯ ᠤᠨ | ᠳᠠᠭᠠᠷᠢᠯᠲᠠ ᠳᠤ ᠲᠤᠯᠭᠠᠷᠠᠵᠤ ᠪᠠᠶᠢᠭᠰᠠᠨ ᠪᠠᠶᠢᠳᠠᠯ ᠳᠣᠣᠷ᠎ᠠ ᠂ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠵᠦ ᠂ | ᠨᠤᠭᠤᠷᠠᠰᠢ ᠦᠭᠡᠢ ᠴᠢᠷᠮᠠᠶᠢᠭᠰᠠᠨ ᠢᠶᠠᠷ ᠂ ᠪᠢᠳᠡ ᠴᠢᠬᠤᠯᠠ ᠶᠡᠭᠡ ᠪᠥᠭᠡᠳ ᠠᠯᠤᠰ ᠭᠡᠳᠤ ᠶᠢᠨ ᠨᠥᠯᠥᠭᠡ ᠦᠵᠡᠭᠦᠯᠭᠦ | ᠬᠡᠳᠦᠨ ᠶᠡᠭᠡ ᠶᠠᠪᠤᠳᠠᠯ ᠢ ᠪᠦᠲᠦᠭᠡᠵᠦ ᠂ ᠨᠠᠮ ᠪᠠ ᠤᠯᠤᠰ ᠤᠨ ᠠᠵᠢᠯ ᠦᠢᠯᠡᠰ ᠦᠯᠡᠮᠵᠢ ᠦᠷ᠎ᠡ ᠪᠦᠲᠦᠭᠡᠯ ᠣᠯᠪᠠ ᠃ | ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ ᠃ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡ ᠪᠠ ᠥᠷᠢᠰᠦᠯᠳᠦᠭᠡᠨ ᠢ ᠢᠯᠠᠨ ᠳᠠᠪᠠᠵᠤ ᠂ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠢᠶᠠᠷ ᠤᠷᠤᠭᠰᠢᠲᠠᠢ ᠡᠷᠭᠢᠯᠡᠪᠡ ᠃ ᠪᠢᠳᠡ | ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ ᠂ | ᠨᠡᠯᠢᠶᠡᠳ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ | ᠰᠢᠯᠵᠢᠭᠦ ᠶᠢ ᠪᠡᠶᠡᠯᠡᠭᠦᠯᠵᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠢᠶᠠᠷ ᠦᠬᠦᠬᠦ ᠨᠣᠷᠮ᠎ᠠ ᠪᠦᠭᠦ | ᠪᠥᠮᠪᠥᠷᠴᠡᠭ ᠤᠨ ᠬᠠᠮᠤᠭ ᠤᠨ ᠳᠣᠣᠷ᠎ᠠ ᠲᠦᠪᠰᠢᠨ ᠳᠤ ᠪᠠᠶᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ | ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠂ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ | ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠬᠡᠮᠵᠢᠶ᠎ᠡ | 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷ ᠲᠦᠪᠰᠢᠨ ᠳᠤ ᠭᠦᠷᠦᠭᠰᠡᠨ ᠪᠠᠶᠢᠳᠠᠯ ᠳᠣᠣᠷ᠎ᠠ ᠂ ᠮᠠᠨ ᠤ ᠤᠯᠤᠰ ᠤᠨ | ᠪᠠᠷᠠᠭᠠᠨ ᠤ ᠦᠨ᠎ᠡ ᠶᠢᠨ ᠶᠡᠷᠦᠩᠬᠡᠢ ᠲᠦᠪᠰᠢᠨ ᠲᠣᠭᠲᠠᠭᠤᠨ ᠪᠠᠶᠢᠳᠠᠯ ᠢᠶᠠᠨ ᠪᠠᠲᠤᠯᠠᠵᠤ ᠂ ᠪᠦᠭᠦ ᠵᠢᠯ ᠤᠨ ᠠᠵᠤ | ᠠᠬᠤᠢ ᠶᠢᠨ ᠨᠡᠮᠡᠭᠳᠡᠯ 3% ᠳᠤ ᠬᠦᠷᠴᠦ ᠂ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ | ᠮᠠᠰᠢ ᠥᠨᠳᠥᠷ ᠲᠤ ᠣᠷᠣᠵᠠᠢ ᠃ ᠡᠳᠡᠭᠡᠷ ᠠᠮᠵᠢᠯᠲᠠ ᠶᠢ ᠣᠯᠣᠭᠰᠠᠨ ᠨᠢ ᠦᠨᠡᠬᠡᠷ ᠭᠢᠯᠪᠠᠷ ᠪᠤᠰᠤ ᠶᠤᠮ ᠭᠡᠵᠦ | ᠴᠢᠬᠤᠯᠠᠴᠢᠯᠠᠵᠠᠢ ᠃ | ᠰᠢ ᠶᠢᠨ ᠫᠢᠩ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ 5 ᠵᠢᠯ ᠪᠣᠯ ᠲᠤᠶᠢᠯ ᠤᠨ ᠶᠡᠷᠦ | ᠪᠤᠰᠤ ᠶᠢᠨ ᠂ ᠲᠤᠶᠢᠯ ᠤᠨ ᠵᠢᠷ ᠤᠨ ᠪᠤᠰᠤ 5 ᠵᠢᠯ ᠪᠣᠯᠣᠨ᠎ᠠ ᠃ ᠮᠠᠨ ᠤ ᠤᠯᠤᠰ ᠤᠨ ᠬᠥᠭᠵᠢᠯᠲᠡ ᠶᠢᠨ ᠭᠠᠳᠠᠭᠠᠳᠤ | ᠣᠷᠴᠢᠨ ᠨᠥᠬᠦᠴᠡᠯ ᠰᠢᠷᠦᠭᠦᠰᠦᠨ ᠬᠤᠪᠢᠷᠠᠵᠤ ᠂ ᠲᠤᠬᠳᠠᠭᠠᠯᠳᠤ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ | ᠢᠯᠡᠳᠲᠡ ᠨᠡᠮᠡᠭᠳᠡᠪᠡ ᠂ ᠢᠯᠠᠩᠭᠤᠶ᠎ᠠ ᠠᠮᠧᠷᠢᠺᠠ ᠪᠠᠷ ᠲᠣᠯᠣᠭᠠᠶᠢᠯᠠᠭᠤᠯᠤᠭᠰᠠᠨ ᠥᠷᠥᠨᠡᠳᠠᠬᠢᠨ ᠤ ᠤᠯᠤᠰ ᠤᠳ ᠮᠠᠨ ᠤ | ᠤᠯᠤᠰ ᠢ ᠪᠦᠭᠦ ᠲᠠᠯ᠎ᠠ ᠪᠠᠷ ᠬᠢᠵᠠᠭᠠᠷᠯᠠᠵᠤ ᠂ ᠪᠦᠰᠡᠯᠡᠨ ᠬᠤᠷᠢᠵᠤ ᠂ ᠳᠠᠷᠤᠯᠲᠠ ᠥᠭᠴᠦ ᠂ ᠮᠠᠨ ᠤ ᠤᠯᠤᠰ ᠤᠨ | ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠬᠠᠲᠠᠭᠤ ᠴᠢᠩᠭ᠎ᠠ ᠰᠢᠯᠭᠠᠯᠲᠠ ᠶᠢ ᠠᠪᠴᠢᠷᠠᠭᠰᠠᠨ ᠪᠠᠶᠢᠨ᠎ᠠ ᠃ ᠡᠭᠦᠨ ᠤ | ᠵᠡᠷᠭᠡ ᠪᠠᠷ ᠤᠯᠤᠰ ᠤᠨ ᠳᠣᠲᠣᠭᠠᠳᠤ ᠳᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠲᠠᠭᠢᠨ ᠳᠠᠪᠲᠠᠨ ᠳᠡᠯᠭᠡᠷᠡᠭᠰᠡᠨ ᠂ ᠠᠵᠤ ᠠᠬᠤᠢ ᠤᠷᠤᠭᠤᠳᠠᠬᠤ ᠳᠠᠷᠤᠯᠲᠠ ᠨᠡᠮᠡᠭᠳᠡᠭᠰᠡᠨ ᠵᠡᠷᠭᠡ ᠤᠯᠠᠨ ᠵᠦᠢᠯ ᠤᠨ | ᠬᠦᠴᠢᠷᠳᠡᠯ ᠳᠤ ᠲᠤᠯᠭᠠᠷᠠᠪᠠ ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ ᠂ ᠬᠦᠴᠢᠷ ᠢ ᠰᠥᠷᠦᠨ ᠤᠷᠤᠭᠰᠢᠯᠠᠵᠤ ᠂ ᠯᠠᠪᠳᠠᠭᠤᠨ ᠢᠶᠠᠷ ᠠᠷᠭᠠᠴᠠᠭᠠᠵᠤ ᠂ ᠭᠠᠵᠢᠭᠤ | ᠪᠤᠷᠤᠭᠤ ᠶᠢ ᠢᠲᠡᠭᠡᠭᠦ ᠦᠭᠡᠢ ᠂ ᠳᠠᠷᠤᠯᠲᠠ ᠠᠴᠠ ᠠᠶᠤᠬᠤ ᠦᠭᠡᠢ ᠂ ᠬᠦᠴᠢᠷ ᠠᠴᠠ ᠵᠠᠶᠢᠯᠠᠬᠤ ᠦᠭᠡᠢ ᠪᠠᠶᠢᠵᠤ ᠂ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤᠮᠳᠠᠴᠢ ᠪᠠᠷ 5.2% ᠢᠶᠠᠷ ᠨᠡᠮᠡᠭᠳᠡᠵᠦ ᠂ | ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠣᠯᠵᠤ ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠵᠦ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ | ᠶᠡᠭᠡ ᠠᠮᠵᠢᠯᠲᠠ ᠣᠯᠬᠤ ᠶᠢ ᠠᠬᠢᠭᠤᠯᠵᠤ ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠷᠣᠬᠤ ᠶᠢ ᠠᠬᠢᠭᠤᠯᠪᠠ ᠃ 5 ᠵᠢᠯ ᠤᠨ ᠲᠤᠷᠰᠢᠬᠢ ᠠᠮᠵᠢᠯᠲᠠ | ᠪᠦᠲᠦᠮᠵᠢ ᠪᠣᠯ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ ᠂ | ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠪᠢ ᠨᠡᠮᠡᠷᠢ ᠰᠢᠩᠭᠡᠵᠦ ᠪᠠᠶᠢᠭ᠎ᠠ ᠶᠤᠮ | ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠨᠥᠬᠦᠴᠡᠯ ᠳᠤ ᠡᠭᠦᠰᠦᠭᠰᠡᠨ | ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ ᠂ ᠡᠷᠬᠡᠪᠰᠢ ᠯᠠᠪᠳᠠᠭᠤᠨ ᠪᠣᠯᠭᠤᠮᠵᠢᠲᠠᠢ ᠪᠠᠶᠢᠵᠤ ᠂ | ᠲᠣᠭᠲᠠᠯ ᠬᠦᠴᠦᠨ ᠢᠶᠠᠨ ᠪᠠᠲᠤᠯᠠᠵᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠂ ᠢᠳᠡᠪᠬᠢᠲᠡᠢ ᠠᠵᠢᠯᠯᠠᠵᠤ ᠂ | ᠪᠦᠯᠬᠦᠮᠳᠡᠨ ᠨᠢᠭᠡᠳᠴᠦ ᠂ ᠵᠣᠷᠢᠭᠲᠠᠢ ᠲᠡᠮᠡᠴᠡᠬᠦ ᠬᠡᠷᠡᠭᠲᠡᠢ ᠃ ᠯᠠᠪᠳᠠᠭᠤᠨ ᠲᠣᠭᠲᠠᠭᠤᠨ ᠪᠠᠶᠢᠵᠤ ᠂ ᠲᠣᠭᠲᠠᠯ | ᠬᠦᠴᠦᠨ ᠢᠶᠠᠨ ᠪᠠᠲᠤᠯᠠᠬᠤ ᠭᠡᠳᠡᠭ ᠨᠢ ᠳᠠᠷᠤᠢ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢ ᠯᠠᠪᠳᠠᠭᠤᠨ | ᠲᠣᠭᠲᠠᠭᠤᠨ ᠢᠶᠠᠷ ᠠᠵᠢᠭᠯᠠᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠯᠠᠪᠳᠠᠭᠤᠨ ᠢᠶᠠᠷ | ᠠᠷᠭᠠᠴᠠᠭᠠᠵᠤ ᠂ ᠬᠤᠪᠢᠷᠠᠯᠲᠠ ᠶᠢ ᠵᠥᠪ ᠲᠠᠨᠢᠵᠤ ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ ᠂ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠪᠠᠨ ᠴᠠᠭ | ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠬᠤ ᠮᠥᠷᠲᠡᠭᠡᠨ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠵᠤ ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ ᠴᠢᠷᠮᠠᠶᠢᠵᠤ ᠂ ᠡᠯ᠎ᠡ ᠵᠦᠢᠯ ᠤᠨ ᠠᠶᠤᠯ | ᠲᠦᠭᠰᠢᠭᠦᠷᠢ ᠠᠴᠠ ᠡᠮᠢᠶᠡᠭᠦ ᠦᠭᠡᠢ ᠂ ᠨᠢᠭᠡᠨᠲᠡ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ ᠵᠣᠷᠢᠵᠤ | ᠡᠷᠡᠰ ᠭᠤᠶᠢᠪᠢᠰᠢ ᠦᠭᠡᠢ ᠤᠷᠤᠭᠰᠢᠯᠠᠬᠤ ᠶᠠᠪᠤᠳᠠᠯ ᠪᠣᠯᠣᠨ᠎ᠠ ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠂ | ᠢᠳᠡᠪᠬᠢᠲᠡᠢ ᠪᠠᠷ ᠠᠵᠢᠯᠯᠠᠬᠤ ᠪᠣᠯ ᠳᠠᠷᠤᠢ ᠦᠨᠳᠦᠰᠦᠨ ᠴᠢᠭᠯᠡᠯ ᠢ ᠲᠣᠭᠲᠠᠭᠤᠨ ᠪᠠᠶᠢᠯᠭᠠᠬᠤ ᠂ ᠴᠢᠭᠯᠡᠯᠲᠡ ᠲᠦᠷᠦ ᠶᠢᠨ | ᠪᠣᠳᠣᠯᠭ᠎ᠠ ᠶᠢ ᠲᠣᠭᠲᠠᠭᠤᠨ ᠪᠠᠶᠢᠯᠭᠠᠬᠤ ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠲᠠᠭᠤᠨ ᠪᠠᠶᠢᠯᠭᠠᠬᠤ ᠂ | ᠰᠠᠭᠤᠷᠢ ᠶᠢ ᠪᠠᠲᠤ ᠰᠠᠬᠢᠬᠤ ᠂ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠢᠳᠡᠪᠬᠢᠲᠡᠢ ᠪᠠᠷ | ᠤᠷᠤᠭᠰᠢᠯᠠᠨ ᠳᠠᠪᠰᠢᠵᠤ ᠂ ᠵᠣᠭᠰᠣᠩᠭᠢᠷᠠᠬᠤ ᠦᠭᠡᠢ ᠪᠠᠶᠢᠵᠤ ᠂ ᠲᠦᠷᠭᠡᠨ ᠪᠤᠯᠭᠠᠵᠤ ᠴᠢᠳᠠᠪᠠᠯ ᠲᠦᠷᠭᠡᠨ ᠪᠤᠯᠭᠠᠵᠤ ᠂ | ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠪᠠᠷ ᠴᠢᠷᠮᠠᠶᠢᠬᠤ ᠶᠠᠪᠤᠳᠠᠯ ᠪᠣᠯᠣᠨ᠎ᠠ ᠃ ᠪᠦᠯᠬᠦᠮᠳᠡᠨ ᠨᠢᠭᠡᠳᠴᠦ ᠂ | ᠵᠣᠷᠢᠭᠲᠠᠢ ᠪᠠᠷ ᠲᠡᠮᠡᠴᠡᠬᠦ ᠬᠡᠷᠡᠭᠲᠡᠢ ᠃ ᠬᠦᠴᠦᠨ ᠴᠢᠳᠠᠯ ᠭᠡᠵᠦ ᠪᠦᠯᠬᠦᠮᠳᠡᠯ ᠠᠴᠠ ᠢᠷᠡᠳᠡᠭ ᠶᠤᠮ ᠃ ᠡᠳᠡᠭᠡᠷ | ᠵᠢᠯ ᠤᠳ ᠲᠤ ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠬᠤᠶᠢᠨ᠎ᠠ | ᠬᠤᠶᠢᠨ᠎ᠠ ᠠᠴᠠ ᠪᠠᠨ ᠦᠷᠭᠦᠯᠵᠢᠯᠡᠵᠦ ᠂ ᠶᠡᠭᠡ ᠳᠠᠶᠢᠯᠠᠯᠳᠤᠭᠠᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ ᠂ | ᠳᠠᠶᠢᠯᠠᠯᠳᠤᠭᠠᠨ ᠨᠢᠭᠡ ᠪᠦᠷᠢ ᠨᠢ ᠴᠥᠮ ᠪᠦᠭᠦ ᠠᠷᠠᠳ ᠲᠦᠮᠡᠨ ᠤ ᠪᠦᠯᠬᠦᠮᠳᠡᠨ ᠲᠡᠮᠡᠴᠡᠬᠦ ᠂ ᠨᠤᠭᠤᠷᠠᠰᠢ ᠦᠭᠡᠢ | ᠲᠡᠮᠡᠴᠡᠬᠦ ᠳᠤ ᠲᠦᠰᠢᠭᠯᠡᠨ ᠢᠯᠠᠯᠲᠠ ᠣᠯᠵᠤ ᠢᠷᠡᠭᠰᠡᠨ ᠶᠤᠮ ᠃ ᠢᠷᠡᠭᠡᠳᠦᠢ ᠶᠢᠨ ᠬᠡᠰᠡᠭ ᠬᠤᠭᠤᠴᠠᠭᠠᠨ ᠳᠤ ᠂ ᠪᠢᠳᠡᠨ ᠳᠤ | ᠲᠤᠯᠭᠠᠷᠠᠬᠤ ᠠᠶᠤᠯ ᠲᠦᠭᠰᠢᠭᠦᠷᠢ ᠥᠷᠢᠰᠦᠯᠳᠦᠭᠡᠨ ᠤᠯᠠᠮ ᠠᠴᠠ ᠤᠯᠠᠮ ᠣᠯᠠᠰᠢᠷᠠᠵᠤ ᠂ ᠤᠯᠠᠮ ᠠᠴᠠ ᠤᠯᠠᠮ ᠬᠦᠨᠳᠦ | ᠬᠡᠴᠡᠭᠦᠦ ᠪᠤᠯᠬᠤ ᠪᠣᠯᠣᠨ᠎ᠠ ᠃ ᠭᠠᠭᠴᠠ ᠬᠦ ᠪᠦᠭᠦ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ | ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠤᠯᠠᠨ ᠤ ᠵᠣᠷᠢᠭ ᠢ ᠨᠢᠭᠡᠳᠬᠡᠵᠦ ᠂ ᠵᠣᠷᠢᠭᠲᠠᠢ ᠪᠠᠷ ᠲᠡᠮᠡᠴᠡᠵᠦ ᠂ | ᠴᠢᠳᠠᠮᠠᠭᠠᠢ ᠪᠠᠷ ᠲᠡᠮᠡᠴᠡᠪᠡᠯ ᠰᠠᠶ᠋ᠢ ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠣᠯᠵᠤ ᠴᠢᠳᠠᠨ᠎ᠠ ᠭᠡᠵᠦ | ᠴᠢᠬᠤᠯᠠᠴᠢᠯᠠᠪᠠ ᠃ | | | | | | ᠰᠢ ᠶᠢᠨ ᠫᠢᠩ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠨᠠᠮ ᠤᠨ ᠤᠷᠳᠤ ᠬᠤᠭᠤᠴᠠᠭ᠎ᠠ ᠪᠠᠷ | ᠲᠦᠷᠦ ᠪᠠᠷᠢᠬᠤ ᠂ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠬᠤᠣᠰ ᠵᠠᠭᠤᠨ ᠵᠢᠯ ︾ | ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠴᠢᠬᠤᠯᠠ ᠬᠦᠴᠦᠨ ᠮᠥᠨ ᠃ ᠪᠢᠳᠡ ᠢᠮᠠᠭᠲᠠ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠥᠨ ᠢᠶᠠᠨ ᠪᠣᠯᠭᠠᠨ | ᠦᠵᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ | ᠦᠵᠡᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠥᠭᠡᠷᠢᠭᠳᠡᠯ ᠳᠤ ᠲᠤᠯᠭᠠᠷᠠᠭᠰᠠᠨ ᠦᠶ᠎ᠡ ᠳᠤ | ᠵᠢᠯᠣᠭᠤᠳᠤᠯᠭ᠎ᠠ ᠦᠵᠡᠭᠦᠯᠵᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ | ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠦᠯᠢᠶᠡᠰᠦᠯᠡᠵᠦ ᠪᠠᠶᠢᠭ᠎ᠠ ᠳᠦᠷᠢᠮ ᠤᠨ ᠬᠠᠷᠰᠢ ᠰᠠᠭᠠᠳ ᠢ | ᠠᠷᠢᠯᠭᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠳᠦᠷᠢᠮ ᠪᠣᠯᠣᠨ ᠬᠠᠤᠯᠢ ᠴᠠᠭᠠᠵᠠ ᠶᠢᠨ ᠲᠠᠯ᠎ᠠ ᠪᠠᠷ ᠤᠯᠤᠰ ᠤᠨ | ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ ᠂ ᠵᠠᠬ᠎ᠠ ᠳᠡᠯᠭᠡᠭᠦᠷ ᠤᠨ | ᠵᠢᠱᠢᠯᠲᠡ ᠪᠣᠯᠣᠨ ᠢᠲᠡᠭᠡᠯ ᠢ ᠬᠥᠭᠵᠢᠭᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ | ᠢᠳᠡᠪᠬᠢᠲᠡᠢ ᠪᠠᠳᠠᠷᠠᠭᠤᠯᠵᠤ ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠳᠤᠮᠳᠠ ᠵᠢᠵᠢᠭ ᠪᠢᠴᠢᠯ ᠠᠵᠤ ᠠᠬᠤᠶᠢᠯᠠᠯ | ᠪᠣᠯᠣᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠶᠢᠨ ᠬᠥᠭᠵᠢᠯᠲᠡ ᠶᠢ ᠳᠡᠮᠵᠢᠵᠦ ᠂ ᠲᠠᠪᠴᠠᠩ ᠤᠨ ᠠᠵᠤ | ᠠᠬᠤᠶᠢᠯᠠᠯ ᠤᠨ ᠠᠵᠢᠯ ᠣᠯᠭᠤᠯᠲᠠ ᠶᠢ ᠡᠭᠦᠳᠭᠦ ᠂ ᠬᠡᠷᠡᠭᠯᠡᠭᠡ ᠶᠢ ᠥᠷᠭᠡᠳᠬᠡᠬᠦ ᠂ ᠣᠯᠠᠨ ᠤᠯᠤᠰ ᠤᠨ | ᠥᠷᠢᠰᠦᠯᠳᠦᠭᠡᠨ ᠳᠤ ᠴᠢᠳᠠᠪᠤᠷᠢ ᠪᠠᠨ ᠪᠠᠳᠠᠷᠠᠭᠤᠯᠬᠤ ᠶᠢ ᠳᠡᠮᠵᠢᠭᠦ ᠬᠡᠷᠡᠭᠲᠡᠢ ᠃ ᠳᠣᠲᠣᠨᠣ ᠪᠥᠭᠡᠳ ᠲᠣᠳᠣᠷᠬᠠᠢ ᠵᠠᠰᠠᠭ | ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠦᠴᠢᠷ ᠵᠣᠪᠠᠭᠤᠷᠢ ᠶᠢ ᠨᠢ ᠰᠢᠢᠳᠪᠦᠷᠢᠯᠡᠨ | ᠥᠭᠴᠦ ᠂ ᠲᠡᠳᠡᠨ ᠢ ᠵᠣᠷᠢᠭᠲᠠᠢ ᠠᠵᠢᠯᠯᠠᠵᠤ ᠂ ᠳᠠᠷᠤᠭᠠᠰᠤ ᠦᠭᠡᠢ ᠪᠠᠷ ᠠᠵᠢᠯᠯᠠᠬᠤ ᠪᠤᠯᠭᠠᠵᠤ ᠂ ᠨᠢᠭᠡ ᠰᠡᠳᠬᠢᠯ ᠨᠢᠭᠡ | ᠵᠣᠷᠢᠭ ᠢᠶᠠᠷ ᠬᠥᠭᠵᠢᠯᠲᠡ ᠶᠢ ᠬᠥᠭᠡᠭᠡᠴᠡᠯᠳᠦᠭᠦᠯᠬᠦ ᠬᠡᠷᠡᠭᠲᠡᠢ ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ | ᠴᠢᠩᠭᠠᠳᠬᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ︽ᠬᠤᠶᠠᠷ ᠡᠷᠡᠰ ᠭᠤᠶᠢᠪᠢᠰᠢ ᠦᠭᠡᠢ | ᠪᠠᠶᠢᠬᠤ ︾ ᠂ ︽ᠬᠤᠶᠠᠷ ᠡᠷᠡᠭᠦᠯ ︾ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ ᠂ | ᠡᠷᠡᠭᠡᠯᠵᠡᠯ ᠢ ᠨᠢ ᠠᠷᠢᠯᠭᠠᠵᠤ ᠂ ᠳᠠᠷᠤᠭᠠᠰᠤ ᠶᠢ ᠨᠢ ᠬᠥᠩᠭᠡᠷᠡᠭᠦᠯᠵᠦ ᠂ ᠵᠣᠷᠢᠭᠲᠠᠢ ᠪᠠᠷ ᠬᠥᠭᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠣᠨ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠭᠦᠨᠵᠡᠭᠡᠢ | ᠡᠵᠡᠮᠳᠡᠵᠦ ᠂ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠵᠤ ᠂ ᠠᠵᠤ ᠦᠢᠯᠡᠰ ᠤᠨ ᠪᠦᠲᠦᠴᠡ ᠪᠠᠨ ᠲᠣᠬᠢᠷᠠᠭᠤᠯᠵᠤ ᠂ | ᠨᠡᠮᠡᠭᠳᠡᠯ ᠤᠨ ᠬᠥᠳᠡᠯᠭᠡᠭᠦ ᠬᠦᠴᠦᠨ ᠢᠶᠠᠨ ᠬᠤᠪᠢᠷᠠᠭᠤᠯᠵᠤ ᠂ ᠭᠤᠣᠯ ᠦᠢᠯᠡᠰ ᠢᠶᠠᠨ ᠪᠠᠲᠤ ᠰᠠᠬᠢᠵᠤ ᠂ ᠪᠣᠳᠠᠲᠤ ᠴᠣᠭᠴᠠ | ᠶᠢᠨ ᠦᠢᠯᠡᠰ ᠢᠶᠠᠨ ᠬᠦᠴᠦᠷᠬᠡᠭᠵᠢᠭᠦᠯᠵᠦ ᠂ ᠤᠬᠠᠮᠰᠠᠷ ᠠᠴᠠ ᠪᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ | ᠬᠡᠷᠡᠭᠲᠡᠢ ᠃ ᠴᠢᠳᠠᠪᠤᠷᠢ ᠲᠠᠢ ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠭᠦ ᠶᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ | ᠳᠤᠮᠳᠠ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ ᠃ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠵᠦ ᠂ ᠨᠠᠩ ᠣᠯᠠᠨ ᠠᠷᠠᠳ ᠤᠨ ᠬᠥᠷᠥᠩᠭᠡ ᠶᠢᠨ ᠤᠯᠤᠰ ᠤᠨ ᠴᠢᠬᠤᠯᠠ ᠶᠡᠭᠡ | ᠢᠨᠵᠧᠨᠧᠷᠢᠩ ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠬᠤ ᠪᠠ ᠲᠠᠲᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠃ | ᠡᠯ᠎ᠡ ᠲᠥᠷᠥᠯ ᠤᠨ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ | ᠵᠢᠯᠤᠭᠤᠳᠴᠤ ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠴᠢ ᠪᠠᠷ ᠥᠷᠢᠰᠦᠯᠳᠦᠬᠦ ᠂ ᠥᠷᠢᠰᠦᠯᠳᠦᠨ | ᠭᠦᠭᠵᠢᠭᠦ ᠣᠷᠴᠢᠨ ᠨᠥᠬᠦᠴᠡᠯ ᠢ ᠡᠭᠦᠳᠴᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠰᠡᠨ ᠦᠭᠡᠢ ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤ ᠭᠡᠰᠡᠨ ᠦᠭᠡᠢ ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ | ᠴᠢᠬᠤᠯᠠ ᠬᠦᠴᠦᠨ ᠮᠥᠨ ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠷᠬᠡᠪᠰᠢ | ᠡᠭᠦᠷᠭᠡᠯᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ | ᠨᠡᠮᠡᠭᠳᠡᠭᠦᠯᠵᠦ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ ᠂ ᠤᠷᠢᠳ ᠢᠶᠠᠷ ᠪᠠᠶᠠᠵᠢᠭᠰᠠᠨ ᠨᠢ ᠰᠡᠭᠦᠯᠡᠷ ᠪᠠᠶᠠᠵᠢᠬᠤ ᠪᠠᠨ ᠳᠠᠶᠢᠴᠢᠯᠠᠬᠤ ᠂ ᠬᠠᠮᠲᠤ ᠪᠠᠷ | ᠪᠠᠶᠠᠵᠢᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠵᠤ ᠠᠬᠤᠶᠢᠯᠠᠯ ᠤᠨ ᠳᠣᠲᠣᠭᠠᠳᠤ ᠳᠠᠭᠠᠨ ᠡᠶ᠎ᠡ ᠵᠣᠬᠢᠴᠠᠩᠭᠤᠢ | ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ ᠂ ᠪᠦᠭᠦ ᠠᠵᠢᠯᠲᠠᠨ ᠤ ᠠᠰᠢᠭ ᠲᠤᠰᠠ ᠶᠢᠨ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ | ᠠᠵᠢᠯᠲᠠᠨ ᠳᠤ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ | ᠬᠤᠷᠢᠭ᠎ᠠ ᠱᠤᠭᠤᠮ ᠢ ᠪᠠᠲᠤ ᠴᠣᠭᠴᠠᠯᠠᠵᠤ ᠂ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ | ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠂ ᠬᠠᠤᠯᠢ ᠶᠢ ᠰᠠᠬᠢᠵᠤ ᠡᠵᠡᠩᠨᠡᠬᠦ ᠂ ᠦᠢᠯᠡᠰ ᠪᠣᠰᠬᠠᠵᠤ ᠰᠢᠨ᠎ᠡ ᠶᠢ | ᠡᠭᠦᠳᠭᠦ ᠂ ᠨᠡᠶᠢᠭᠡᠮ ᠳᠤ ᠠᠴᠢ ᠬᠠᠷᠢᠭᠤᠯᠠᠬᠤ ᠥᠯᠢᠭᠡᠷ ᠳᠠᠭᠤᠷᠢᠶᠠᠯ ᠪᠤᠯᠬᠤ ᠬᠡᠷᠡᠭᠲᠡᠢ ᠃ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ ᠂ ᠨᠡᠶᠢᠭᠡᠮ ᠤᠨ ᠨᠡᠶᠢᠲᠡ ᠶᠢᠨ | ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠪᠠ ᠡᠷᠭᠢᠯᠡᠵᠦ ᠂ ᠪᠠᠶᠠᠵᠢᠭᠰᠠᠨ ᠴᠤ | ᠬᠠᠷᠢᠭᠤᠴᠠᠯᠭ᠎ᠠ ᠡᠭᠦᠷᠭᠡᠯᠡᠬᠦ ᠂ ᠪᠠᠶᠠᠵᠢᠭᠰᠠᠨ ᠴᠤ ᠵᠢᠷᠤᠮ ᠢ ᠡᠷᠭᠢᠮᠯᠡᠭᠦ ᠂ ᠪᠠᠶᠠᠵᠢᠭᠰᠠᠨ ᠴᠤ ᠬᠠᠶᠢᠷ᠎ᠠ ᠶᠢ ᠳᠡᠭᠡᠳᠦᠯᠡᠬᠦ ᠶᠢ | ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠱᠢ ᠲᠠᠢ ᠹᠧᠩ ᠂ ᠾᠧ ᠯᠢ ᠹᠧᠩ ᠂ ᠬᠤᠤ ᠮᠢᠩ ᠶᠢᠨ ᠂ ᠭᠤᠤ ᠶᠦᠨ ᠯᠦᠩ ᠨᠠᠷ ᠳᠤᠭᠤᠶᠢᠯᠠᠩ ᠬᠠᠮᠲᠤᠷᠠᠭᠰᠠᠨ | ᠬᠤᠷᠠᠯ ᠳᠤ ᠣᠷᠣᠯᠴᠠᠪᠠ ᠃ | |