ᠪᠥᠬᠦ ᠣᠷᠣᠨ ᠤ ᠭᠠᠵᠠᠷ ᠰᠢᠷᠣᠢ ᠲᠡᠭᠰᠢᠯᠡᠬᠦ ᠶᠡᠭᠡ ᠳᠠᠶᠢᠯᠠᠯᠳᠤᠭᠠᠨ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/3/8
图片1.png
            3 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠭᠤᠯᠵᠤ᠂ 2023 ᠣᠨ ᠤ ᠬᠠᠪᠤᠷ ᠤᠨ ᠤᠯᠠᠷᠢᠯ ᠤᠨ ᠭᠠᠵᠠᠷ ᠰᠢᠷᠣᠢ ᠲᠡᠭᠰᠢᠯᠡᠬᠦ ᠶᠡᠭᠡ ᠳᠠᠶᠢᠯᠠᠯᠳᠤᠭᠠᠨ ᠵᠢᠴᠢ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠲᠤᠬᠠᠢ ᠶᠢᠨ ᠲᠠᠯᠠᠪᠤᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠲᠣᠭᠤᠷᠢᠨ ᠦᠵᠡᠵᠦ ᠰᠣᠯᠢᠯᠴᠠᠨ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠂ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠴᠧᠨ ᠵᠠᠩ ᠴᠢᠤᠸᠠᠨ ᠵᠢᠯᠤᠭᠤᠳᠬᠤ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠺᠦᠸᠧ ᠬᠤᠷᠠᠯ ᠢ ᠡᠷᠬᠢᠯᠡᠪᠡ ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠠᠶᠢᠳᠠᠯ ᠢ ᠨᠡᠶᠢᠳᠡᠯᠡᠨ ᠵᠠᠷᠯᠠᠵᠦ ᠂ ᠪᠠᠶᠠᠨᠨᠠᠭᠤᠷ᠂ ᠬᠥᠯᠥᠨ ᠪᠤᠶᠢᠷ᠂ ᠬᠢᠩᠭᠠᠨ ᠠᠶᠢᠮᠠᠭ᠂ ᠲᠦᠩᠯᠢᠶᠣᠣ ᠪᠣᠯᠣᠨ ᠤᠯᠠᠭᠠᠨᠬᠠᠳᠠ ᠵᠡᠷᠭᠡ 5 ᠠᠶᠢᠮᠠᠭ ᠬᠤᠲᠠ ᠶᠠᠷᠢᠶ᠎ᠠ ᠲᠠᠯᠪᠢᠪᠠ᠃ 
图片2.png
 
图片3.jpg
       ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ ᠂ ᠠᠬᠢᠴᠠ ᠶᠢ ᠠᠮᠵᠢᠵᠤ ᠂ ᠬᠠᠪᠤᠷ ᠤᠨ ᠤᠯᠠᠷᠢᠯ ᠤᠨ ᠭᠠᠵᠠᠷ ᠰᠢᠷᠣᠢ ᠲᠡᠭᠰᠢᠯᠡᠬᠦ ᠳᠠᠶᠢᠯᠠᠯᠳᠤᠭᠠᠨ ᠤ ᠡᠨᠡ ᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠦ ᠂ ᠡᠨᠡ ᠵᠢᠯ ᠤᠨ ᠪᠦᠬᠦ ᠣᠷᠣᠨ ᠤ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠲᠡ ᠦᠷ᠎ᠡ ᠪᠦᠲᠦᠮᠵᠢ ᠣᠯᠬᠤ ᠂ ᠤᠷᠳᠤ ᠬᠤᠭᠤᠴᠠᠭᠠᠨ ᠤ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠬᠤ ᠬᠡᠷᠡᠭᠲᠡᠢ ᠃ ᠲᠥᠯᠦᠪᠵᠢᠭᠦᠯᠭᠡ ᠶᠢ ᠲᠥᠯᠥᠪᠵᠢᠭᠦᠯᠵᠦ ᠂ ᠪᠡᠯᠡ ᠮᠥᠩᠭᠦ ᠴᠤᠭᠯᠠᠭᠤᠯᠵᠤ ᠂ ᠠᠬᠢᠴᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠬᠢᠭᠤᠯᠬᠤ ᠬᠡᠷᠡᠭᠲᠡᠢ ᠃ ᠡᠭᠦᠨ ᠤ ᠬᠠᠮᠲᠦ᠂ ᠮᠥᠩᠭᠦᠨ ᠭᠦᠢᠯᠭᠡᠭᠡ ᠪᠠ ᠨᠡᠶᠢᠭᠡᠮ ᠤᠨ ᠬᠥᠷᠥᠩᠭᠡ ᠲᠠᠢ ᠬᠠᠮᠲᠤᠷᠠᠯᠴᠠᠬᠤ ᠶᠢ ᠬᠠᠶᠢᠨ ᠰᠦᠪᠡᠭᠴᠢᠯᠡᠵᠦ ᠂ ᠠᠷᠭ᠎ᠠ ᠪᠦᠬᠦᠨ ᠢ ᠰᠦᠪᠡᠭᠴᠢᠯᠡᠨ ᠣᠷᠣᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠬᠦᠯᠵᠦ᠂ ᠪᠠᠰᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠂ ᠲᠥᠪᠯᠡᠷᠡᠭᠦᠯᠦᠨ ᠡᠷᠭᠢᠯᠲᠡ ᠳᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠴᠢᠨ ᠲᠦᠮᠡᠨ ᠢ ᠣᠷᠣᠯᠴᠠᠭᠤᠯᠵᠤ ᠂ ᠲᠠᠷᠢᠶᠠᠴᠢᠨ ᠲᠦᠮᠡᠨ ᠢ ᠭᠠᠵᠠᠷ ᠰᠢᠷᠣᠢ ᠶᠢᠨ ᠨᠡᠮᠡᠭᠳᠡᠯ ᠦᠷᠳᠡᠭ ᠤᠨ ᠳᠤᠮᠳᠠ ᠠᠴᠠ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ ᠃ ᠪᠦᠲᠦᠭᠡᠨ ᠪᠠᠶᠢᠭᠤᠯᠤᠯᠲᠠ ᠪᠠ ᠶᠠᠰᠤ ᠴᠢᠨᠠᠷ ᠢ ᠵᠡᠷᠭᠡᠪᠡᠷ ᠠᠳᠬᠤᠬᠤ ᠶᠢ ᠪᠠᠷᠢᠮᠲᠠᠯᠠᠵᠤ ᠂ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠤᠨ ᠪᠦᠲᠦᠭᠡᠨ ᠪᠠᠶᠢᠭᠤᠯᠵᠤ ᠬᠠᠮᠢᠶᠠᠷᠬᠤ ᠵᠠᠭᠪᠤᠷ ᠢ ᠬᠠᠶᠢᠨ ᠰᠦᠪᠡᠭᠴᠢᠯᠡᠵᠦ ᠂ ︽ ᠨᠢᠭᠡ ᠲᠤᠰᠬᠤᠨ ᠨᠢᠭᠡ ᠲᠠᠷᠢᠶ᠎ᠠ ᠂ ᠨᠢᠭᠡ ᠰᠢᠶᠠᠩ ᠨᠢᠭᠡ ᠲᠠᠷᠢᠶ᠎ᠠ ︾ ᠶᠢᠨ ᠰᠡᠳᠬᠢᠴᠡ ᠪᠠᠷ ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ ︽ ᠭᠤᠷᠪᠠ ᠶᠢ ᠡᠪᠳᠡᠬᠦ ᠂ ᠲᠠᠪᠤ ᠶᠢ ᠨᠢᠭᠡᠳᠬᠡᠬᠦ ᠂ ᠨᠢᠭᠡ ᠶᠢ ᠰᠢᠨ᠎ᠡ ᠪᠠᠷ ᠪᠠᠶᠢᠭᠤᠯᠬᠤ ︾ ᠶᠢ ᠬᠡᠷᠡᠭᠵᠢᠭᠦᠯᠬᠦ ᠶᠢᠨ ᠬᠠᠮᠲᠤ ᠪᠠᠭ᠎ᠠ ᠲᠠᠷᠢᠶ᠎ᠠ ᠶᠢ ᠶᠡᠭᠡ ᠲᠠᠷᠢᠶ᠎ᠠ ᠪᠣᠯᠭᠠᠵᠤ ᠂ ᠳᠣᠣᠷ᠎ᠠ ᠤᠨᠠᠯᠲᠠ ᠶᠢ ᠥᠨᠳᠥᠷ ᠤᠨᠠᠯᠲᠠ ᠪᠣᠯᠭᠠᠨ ᠬᠤᠪᠢᠷᠠᠭᠤᠯᠬᠤ ᠬᠡᠷᠡᠭᠲᠡᠢ ᠃ ᠡᠭᠦᠨ ᠤ ᠬᠠᠮᠲᠤ᠂ ᠠᠩᠬᠠᠨ ᠤ ᠪᠠᠶᠢᠭᠤᠯᠤᠯᠲᠠ ᠂ ᠮᠠᠲ᠋ᠧᠷᠢᠶᠠᠯ᠂ ᠳᠠᠭᠠᠭᠠᠴᠢᠯᠠᠯᠲᠠ ᠵᠠᠷᠯᠠᠬᠤ᠂ ᠲᠣᠬᠢᠷᠠᠭᠤᠯᠬᠤ᠂ ᠰᠢᠯᠭᠠᠨ ᠠᠪᠬᠤ ᠵᠡᠷᠭᠡ 5 ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠣᠭᠤᠮᠲᠠ ᠶᠢ ᠪᠠᠬᠢᠵᠢᠭᠦᠯᠵᠦ᠂ ᠬᠠᠮᠢᠶᠠᠷᠤᠨ ᠬᠠᠮᠠᠭᠠᠯᠠᠵᠤ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ 
图片4.jpg
 
图片5.jpg
        ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ ᠂ ᠦᠯᠢᠭᠡᠷ ᠡᠳ᠋ ᠠᠪᠬᠤ ᠂ ᠪᠡᠯᠡᠳᠬᠡᠬᠦ ᠂  ᠠᠵᠢᠯᠯᠠᠭᠤᠯᠬᠤ ᠂ ᠰᠢᠯᠭᠠᠨ ᠬᠡᠮᠵᠢᠬᠦ᠂ ᠬᠢᠨᠠᠨ ᠬᠠᠷᠭᠤᠭᠤᠯᠬᠤ ᠶᠠᠰᠤ ᠴᠢᠨᠠᠷ ᠤᠨ ᠡᠵᠡᠮᠳᠡᠯ ᠤᠨ ᠲᠡᠰ ᠳᠠᠷᠠᠭᠠᠯᠠᠯ ᠢ ᠴᠢᠩᠳᠠᠯᠠᠵᠤ ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠮᠦᠨᠡᠲᠦ ᠣᠷᠣᠨ ᠤ ᠭᠠᠵᠠᠷ ᠰᠢᠷᠣᠢ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠵᠤᠤ ᠢᠦᠢ ᠭᠦᠸᠧ ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ᠶᠢᠨ ᠫᠷᠤᠫᠧᠰᠰᠤᠷ ᠦ᠋ ᠺᠧ ᠨᠢᠩ ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠂ ᠡᠯ᠎ᠡ ᠠᠶᠢᠮᠠᠭ ᠬᠤᠳᠠ ᠶᠢᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠠᠶᠢᠮᠠᠭ ᠤᠨ ᠳᠠᠷᠤᠭ᠎ᠠ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠ ᠂ ᠬᠤᠪᠢᠳᠠᠨ ᠬᠠᠮᠢᠶᠠᠷᠴᠤ ᠪᠠᠶᠢᠭ᠎ᠠ ᠲᠣᠪᠴᠢᠶᠠᠨ ᠳᠠᠷᠤᠭ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号