ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠠᠵᠢᠯᠯᠠᠭ᠎ᠠ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠳᠤᠭᠤᠶᠢᠯᠠᠩ ᠤᠨ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ ᠢ ᠤᠷᠢᠨ ᠲᠣᠮᠢᠯᠠᠬᠤ ᠢᠯᠡ ᠨᠡᠶᠢᠲᠡᠯᠡᠯ ᠤᠨ ᠲᠤᠬᠠᠢ ᠲᠣᠳᠤᠷᠬᠠᠶᠢᠯᠠᠯ
ᠨᠡᠶᠢᠲᠡᠯᠡᠭᠰᠡᠨ ᠴᠠᠭ᠄
2023/3/9
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭᠲᠦ ᠶᠢᠨ ᠬᠥᠭᠵᠢᠯᠲᠡ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢ ᠲᠤᠭᠤᠰᠢᠯᠠᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢ ᠪᠣᠶᠢᠵᠢᠭᠤᠯᠬᠤ ᠣᠷᠭᠢᠯ ᠤᠨ ᠵᠢᠷᠤᠭ ᠲᠥᠯᠥᠪᠯᠡᠭᠡ ᠶᠢ ᠢᠳᠡᠪᠬᠢᠲᠡᠢ ᠰᠦᠪᠡᠭᠴᠢᠯᠡᠵᠦ᠂ ᠨᠠᠷᠠᠲᠤ ᠲᠡᠮᠳᠡᠭᠲᠦ ᠪᠠᠷ ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠭᠦᠯᠬᠦ ᠶᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠬᠦ ᠶᠢᠨ ᠲᠦᠯᠦᠭᠡ  ᠂ ᠲᠢᠩᠬᠢᠮ ᠤᠨ ᠤᠳᠤᠷᠢᠳᠤᠯᠭ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ 2022 ᠣᠨ ᠤ 5 ᠰᠠᠷ᠎ᠠ ᠳᠤ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠳᠤᠭᠤᠶᠢᠯᠠᠩ ᠤᠨ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ ᠢ ᠵᠥᠪᠳᠡᠯᠴᠡᠨ ᠲᠠᠨᠢᠯᠴᠠᠭᠤᠯᠬᠤ ᠲᠤᠬᠠᠢ ᠵᠠᠬᠢᠳᠠᠯ︾ ︵ᠥᠪᠥᠷ ᠲᠠᠷᠢᠶᠠᠯᠠᠩ ᠮᠠᠯ ᠬᠤᠲᠠ ᠵᠠᠬᠢᠳᠠᠯ ﹇2022﹈ 647 ᠳ᠋ᠤᠭᠠᠷ ᠲᠣᠭᠠᠲᠤ︶ ᠢ ᠨᠡᠶᠢᠲᠡᠯᠡᠵᠦ᠂ 2022 ᠣᠨ ᠤ 12 ᠰᠠᠷ᠎ᠠ ᠶᠢᠨ 15 ᠤ ᠡᠳᠦᠷ ᠪᠣᠯᠲᠠᠯ᠎ᠠ᠂ ᠨᠡᠶᠢᠲᠡ 72 ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠮᠠᠲ᠋ᠧᠷᠢᠶᠠᠯ ᠢ ᠬᠤᠷᠢᠶᠠᠨ ᠣᠯᠪᠠ᠃ 2023 ᠣᠨ ᠤ 3 ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠬᠠᠮᠲᠤᠷᠠᠯᠴᠠᠭᠠᠨ ᠤ ᠭᠠᠵᠠᠷ ᠠᠴᠠ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠭ ᠪᠠ ᠲᠤᠰᠬᠠᠢ ᠪᠠᠶᠢᠭᠤᠯᠤᠮᠵᠢ ᠨᠤᠭᠤᠳ ᠢ ᠵᠣᠬᠢᠶᠠᠨ ᠪᠠᠶᠢᠭᠤᠯᠵᠦ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ ᠢ ᠤᠷᠢᠨ ᠲᠣᠮᠢᠯᠠᠬᠤ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠵᠤ᠂ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠤ ᠨᠡᠷ᠎ᠡ ᠳᠤᠷᠠᠳᠬᠤ ᠪᠠ ᠬᠤᠪᠢ ᠶᠢᠨ ᠥᠷᠲᠡᠭ ᠢ ᠬᠠᠷᠢᠴᠠᠭᠤᠯᠬᠤ ᠵᠡᠷᠭᠡ ᠬᠢᠨᠠᠨ ᠲᠣᠭᠲᠠᠭᠠᠬᠤ ᠲᠠᠰ ᠳᠠᠷᠠᠭᠠᠯᠠᠯ ᠢᠶᠠᠷ ᠳᠡᠮᠵᠢᠨ᠂ 37 ᠨᠡᠷᠡᠰ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠠᠵᠢᠯᠯᠠᠭ᠎ᠠ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠳᠤᠭᠤᠶᠢᠯᠠᠩ ᠤᠨ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ︾ ︵ᠨᠡᠷᠡᠰ ᠢ ᠠᠷᠤ ᠳᠤ ᠳᠠᠭᠠᠯᠳᠤᠭᠤᠯᠪᠠ︶ ᠢ ᠲᠣᠭᠲᠠᠭᠠᠵᠤ᠂ ᠡᠳᠦᠭᠡ ᠢᠯᠡ ᠨᠡᠶᠢᠲᠡᠯᠡᠪᠡ ᠃      ᠰᠠᠨᠠᠯ ᠬᠤᠷᠢᠶᠠᠬᠤ ᠤᠲᠠᠰᠤ᠄ 0471-6651140᠃       ᠳᠠᠭᠠᠯᠳᠤᠭᠤᠯᠤᠯ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠠᠵᠢᠯᠯᠠᠭ᠎ᠠ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠳᠤᠭᠤᠶᠢᠯᠠᠩ ᠤᠨ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ ᠤ ᠨᠡᠷᠡᠰ                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                   ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                            2023 ᠣᠨ ᠤ 3 ᠰᠠᠷ᠎ᠠ ᠶᠢᠨ 9 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号