ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ ︾ ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠨ ᠡᠮ ᠤᠨ ᠦᠢᠯᠡᠳᠪᠦᠷᠢᠯᠡᠯ ᠤᠨ ᠵᠥᠪᠰᠢᠶᠡᠷᠡᠯ ᠤᠨ | ᠬᠠᠮᠢᠶᠠᠷᠤᠯᠲᠠ ᠶᠢᠨ ᠠᠷᠭ᠎ᠠ︾ ᠂ ︽ᠲᠠᠷᠢᠶᠠᠨ ᠡᠮ ᠤᠨ ᠦᠢᠯᠡᠳᠪᠦᠷᠢᠯᠡᠯ ᠤᠨ ᠵᠥᠪᠰᠢᠶᠡᠷᠡᠯ ᠢ ᠬᠢᠨᠠᠨ ᠪᠠᠶᠢᠴᠠᠭᠠᠬᠤ | ᠨᠠᠷᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠡᠮ ᠤᠨ | ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠳᠦᠷᠢᠮ︾ ᠢ ᠦᠨᠳᠦᠰᠦᠯᠡᠨ ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠲᠠᠢ ᠬᠠᠮᠲᠤᠷᠠᠨ᠂ 2023 ᠣᠨ ᠤ 2 ᠰᠠᠷ᠎ᠠ ᠶᠢᠨ 24 ᠤ ᠡᠳᠦᠷ | ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠭᠰᠡᠨ ᠥᠪᠥᠷ ᠮᠣᠩᠭᠤᠯ ᠤᠨ ᠯᠢᠩ ᠱᠧᠩ ᠲᠠᠷᠢᠮᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠯᠲᠠ ᠳᠤ | ᠬᠢᠷᠢ ᠲᠡᠩᠴᠡᠭᠰᠡᠨ ᠳ᠋ᠦᠩᠨᠡᠯᠲᠡ ᠭᠠᠷᠭᠠᠪᠠ ᠃ | ᠡᠳᠦᠭᠡ ᠬᠢᠨᠠᠨ ᠪᠠᠶᠢᠴᠠᠭᠠᠭᠰᠠᠨ ᠪᠠᠶᠢᠳᠠᠯ ᠢ ᠢᠯᠡ ᠨᠡᠶᠢᠲᠡᠯᠡᠪᠡ ᠂ ᠢᠯᠡ ᠨᠡᠶᠢᠲᠡᠯᠡᠬᠦ ᠴᠠᠭ ᠨᠢ 2023 | ᠣᠨ ᠤ 3 ᠰᠠᠷ᠎ᠠ ᠶᠢᠨ 8 ᠤ ᠡᠳᠦᠷ ᠠᠴᠠ 2023 ᠣᠨ ᠤ 3 ᠰᠠᠷ᠎ᠠ ᠶᠢᠨ 22 ᠤᠨ ᠡᠳᠦᠷ ᠪᠣᠯᠲᠠᠯ᠎ᠠ᠃ ᠬᠡᠷᠪᠡ | ᠣᠨᠳᠣᠣ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠭᠤ | ᠳᠤᠰᠬᠠᠭᠠᠷᠠᠢ᠃ | ᠬᠠᠷᠢᠯᠴᠠᠬᠤ ᠬᠥᠮᠥᠨ ᠄ ᠸᠠᠩ ᠢᠩ | ᠤᠲᠠᠰᠤ/ᠹᠠᠺᠰ᠄ 0471-5169471 | ᠢᠮᠧᠯ᠄ nongyaoke@126.com | ᠰᠢᠤᠳᠠᠨ ᠳ᠋ᠤᠭᠠᠷ᠄ 010010 | ᠬᠠᠶ᠋ᠢᠭ᠄ ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ | | ᠳᠠᠭᠠᠯᠳᠤᠭᠤᠯᠤᠯ ᠄ 2023 ᠣᠨ ᠤ ᠠᠩᠬᠠᠳᠤᠭᠠᠷ ᠪᠦᠯᠦᠭ ᠲᠠᠷᠢᠶᠠᠨ ᠡᠮ ᠤᠨ ᠦᠢᠯᠡᠳᠪᠦᠷᠢᠯᠡᠯ ᠤᠨ | ᠵᠥᠪᠰᠢᠶᠡᠷᠡᠯ ᠤᠨ ᠬᠢᠨᠠᠨ ᠪᠠᠶᠢᠴᠠᠭᠠᠯᠲᠠ ᠶᠢᠨ ᠪᠠᠶᠢᠳᠠᠯ ᠲᠤᠬᠠᠢ ᠢᠯᠡ ᠨᠡᠶᠢᠲᠡᠯᠡᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 3 ᠰᠠᠷ᠎ᠠ ᠶᠢᠨ 8 ᠤ ᠡᠳᠦᠷ | |