ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠪᠤᠯᠤᠨ ᠴᠠᠭ ᠠᠭᠤᠷ ᠤᠨ ᠲᠣᠪᠴᠢᠶ᠎ᠠ ᠬᠠᠮᠲᠤᠷᠠᠨ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ ᠨᠡᠶᠢᠲᠡᠯᠡᠪᠡ
ᠨᠡᠶᠢᠲᠡᠯᠡᠭᠰᠡᠨ ᠴᠠᠭ᠄
2023/3/9
      ᠬᠦᠢᠲᠡᠨ ᠤᠷᠤᠰᠬᠠᠯ ᠤᠨ ᠨᠥᠯᠥᠭᠡ ᠠᠴᠠ ᠪᠤᠯᠵᠤ᠂ 3 ᠰᠠᠷ᠎ᠠ ᠶᠢᠨ 9 ᠤ ᠡᠳᠦᠷ ᠠᠴᠠ 3 ᠰᠠᠷ᠎ᠠ ᠶᠢᠨ 12 ᠤ ᠡᠳᠦᠷ ᠪᠣᠯᠲᠠᠯ᠎ᠠ᠂ ᠪᠠᠷᠠᠭᠤᠨ ᠬᠡᠰᠡᠭ᠂ ᠳᠤᠮᠳᠠ ᠬᠡᠰᠡᠭ ᠪᠠ ᠵᠡᠭᠦᠨ ᠬᠡᠰᠡᠭ ᠤᠨ ᠡᠮᠦᠨᠡᠭᠦᠷᠬᠢ ᠭᠠᠵᠠᠷ ᠣᠷᠣᠨ ᠤ ᠰᠠᠯᠬᠢᠨ ᠤ ᠬᠦᠴᠦ 4 — 5 ᠳ᠋ᠤᠭᠠᠷ ᠲᠠᠰ ᠲᠤ ᠬᠦᠷᠴᠦ ᠣᠬᠤᠷ ᠴᠠᠭ ᠲᠤ 6 — 7 ᠳ᠋ᠤᠭᠠᠷ ᠲᠠᠰ ᠲᠤ ᠬᠦᠷᠴᠦ᠂ ᠬᠡᠰᠡᠭ ᠭᠠᠵᠠᠷ ᠲᠤ 8 ᠳ᠋ᠤᠭᠠᠷ ᠲᠠᠰ ᠲᠤ ᠬᠦᠷᠦᠨ᠎ᠡ᠃ ᠣᠶᠤᠨᠲᠤ ᠰᠦᠯᠵᠢᠶᠡᠨ ᠲᠤᠤᠷ ᠤᠨ ᠤᠷᠢᠳᠴᠢᠯᠠᠨ ᠮᠡᠳᠡᠭᠡᠯᠡᠬᠦ ᠲᠤᠭ᠎ᠠ ᠪᠠᠷᠢᠮᠲᠠ ᠶᠢ ᠦᠨᠳᠦᠰᠦᠯᠡᠨ ᠂ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ  ᠲᠠᠢ ᠤᠶᠠᠯᠳᠤᠭᠤᠯᠤᠭᠠᠳ ᠂ 3 ᠰᠠᠷ᠎ᠠ ᠶᠢᠨ 9 ᠤ ᠡᠳᠦᠷ ᠠᠴᠠ 3 ᠰᠠᠷ᠎ᠠ ᠶᠢᠨ 12 ᠤ ᠡᠳᠦᠷ ᠪᠤᠯᠲᠠᠯ᠎ᠠ ᠵᠡᠭᠦᠨ ᠬᠤᠶᠢᠲᠤ ᠬᠡᠰᠡᠭ ᠤᠨ ᠵᠡᠭᠦᠨᠰᠢᠬᠢ ᠬᠡᠰᠡᠭ ᠪᠤᠰᠠᠭ ᠭᠠᠵᠠᠷ ᠣᠷᠣᠨ᠂ ᠵᠡᠭᠦᠨ ᠡᠮᠦᠨᠡᠲᠦ ᠬᠡᠰᠡᠭ ᠤᠨ ᠶᠡᠬᠡᠩᠬᠢ ᠬᠡᠰᠡᠭ ᠤᠷᠤᠨ᠂ ᠳᠤᠮᠳᠠ ᠬᠡᠰᠡᠭ ᠤᠨ ᠡᠮᠦᠨᠡᠭᠦᠷᠬᠢ ᠶᠡᠬᠡᠩᠬᠢ ᠬᠡᠰᠡᠭ ᠪᠠ ᠪᠠᠷᠠᠭᠤᠨ ᠬᠡᠰᠡᠭ ᠤᠨ ᠬᠡᠰᠡᠭ ᠪᠤᠰᠠᠭ ᠭᠠᠵᠠᠷ ᠣᠷᠣᠨ  ᠨᠢ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠠᠶᠤᠯ ᠲᠦᠭᠰᠢᠭᠦᠷᠢ ᠪᠠᠭ᠎ᠠ ᠭᠠᠵᠠᠷ ᠣᠷᠣᠨ ᠂ ᠪᠠᠶᠠᠨᠨᠠᠭᠤᠷ ᠬᠤᠳᠠ ᠶᠢᠨ ᠪᠠᠷᠠᠭᠤᠨ ᠡᠮᠦᠨᠡᠲᠦ ᠬᠡᠰᠡᠭ ᠤᠨ ᠬᠡᠰᠡᠭ ᠪᠤᠰᠠᠭ ᠭᠠᠵᠠᠷ ᠣᠷᠣᠨ ᠂ ᠣᠷᠳᠣᠰ ᠬᠤᠳᠠ ᠶᠢᠨ ᠡᠮᠦᠨᠡᠲᠦ ᠬᠡᠰᠡᠭ ᠂ ᠪᠤᠭᠤᠲᠤ ᠬᠤᠳᠠ ᠶᠢᠨ ᠪᠠᠷᠠᠭᠤᠨ ᠬᠤᠶᠢᠲᠤ ᠬᠡᠰᠡᠭ ᠂ ᠬᠥᠬᠡᠬᠤᠲᠠ ᠶᠢᠨ ᠬᠤᠶᠢᠲᠤ ᠬᠡᠰᠡᠭ ᠂ ᠤᠯᠠᠭᠠᠨᠴᠠᠪ ᠬᠤᠳᠠ ᠶᠢᠨ ᠳᠤᠮᠳᠠ ᠬᠡᠰᠡᠭ ᠂ ᠤᠯᠠᠭᠠᠨᠬᠠᠳᠠ ᠬᠤᠳᠠ ᠶᠢᠨ ᠳᠤᠮᠳᠠ ᠬᠡᠰᠡᠭ ᠤᠨ ᠬᠤᠶᠢᠭᠤᠷᠬᠢ ᠬᠡᠰᠡᠭ ᠂ ᠲᠦᠩᠯᠢᠶᠣᠣ ᠬᠤᠳᠠ ᠶᠢᠨ ᠡᠮᠦᠨᠡᠲᠦ ᠬᠡᠰᠡᠭ ᠂ ᠬᠢᠩᠭᠠᠨ ᠠᠶᠢᠮᠠᠭ ᠤᠨ ᠪᠠᠷᠠᠭᠤᠨ ᠬᠡᠰᠡᠭ ᠪᠣᠯᠣᠨ ᠬᠥᠯᠥᠨ ᠪᠤᠶᠢᠷ ᠬᠤᠳᠠ ᠶᠢᠨ ᠬᠡᠰᠡᠭ ᠪᠤᠰᠠᠭ ᠭᠠᠵᠠᠷ ᠣᠷᠣᠨ  ᠨᠢ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠳᠤᠮᠳᠠ ᠪᠤᠶᠤ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠭᠡᠵᠦ ᠲᠤᠭᠳᠠᠭᠠᠪᠠ ᠂ ᠰᠠᠯᠬᠢᠨ ᠤ ᠭᠠᠮᠰᠢᠭ ᠲᠤ ᠬᠦᠯᠡᠮᠵᠢ ᠶᠢᠨ ᠪᠦᠲᠦᠴᠡ ᠠᠮᠠᠷᠬᠠᠨ ᠡᠪᠳᠡᠭᠳᠡᠬᠦ ᠪᠤᠯᠤᠮᠵᠢ ᠲᠠᠢ ᠃      ᠰᠡᠷᠭᠡᠶᠢᠯᠡᠬᠦ ᠠᠷᠭ᠎ᠠ ᠪᠣᠳᠣᠯᠭ᠎ᠠ᠄ ᠲᠠᠷᠢᠶᠠᠨ ᠭᠠᠵᠠᠷ ᠤᠨ ᠲᠥᠬᠦᠭᠡᠷᠦᠮᠵᠢᠲᠦ ᠲᠠᠷᠢᠮᠠᠯ ᠤᠨ ᠦᠢᠯᠡᠳᠪᠦᠷᠢᠯᠡᠯ ᠤᠨ ᠰᠠᠯᠬᠢ ᠶᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠰᠠᠷᠠᠪᠴᠢ ᠶᠢᠨ ᠪᠦᠷᠬᠦᠪᠴᠢ ᠶᠢ ᠪᠠᠶᠢᠴᠠᠭᠠᠵᠤ᠂ ᠳᠤᠯᠠᠭᠠᠨ ᠢ ᠬᠠᠳᠠᠭᠠᠯᠠᠬᠤ ᠬᠤᠴᠢᠯᠭ᠎ᠠ ︵ᠬᠥᠰᠢᠭᠡ︶ ᠶᠢ ᠴᠠᠭ ᠲᠤᠬᠠᠢ ᠳᠤ  ᠨᠢ ᠰᠡᠯᠪᠢᠨ ᠵᠠᠰᠠᠵᠤ᠂ ᠰᠠᠷᠠᠪᠴᠢ ᠶᠢᠨ ᠵᠢᠶᠠᠰᠠ ᠶᠢ ᠪᠥᠬᠦ ᠲᠠᠯ᠎ᠠ ᠪᠠᠷ ᠪᠠᠶᠢᠴᠠᠭᠠᠵᠤ᠂ ᠪᠦᠷᠬᠦᠭᠦᠯ ᠳᠠᠷᠤᠬᠤ ᠱᠤᠭᠤᠮ ᠢ ᠪᠠᠬᠢᠯᠡᠨ᠎ᠡ᠃ ᠰᠠᠯᠬᠢ ᠲᠠᠯᠪᠢᠬᠤ ᠠᠮᠠᠰᠠᠷ ᠢ ᠤᠷᠢᠳᠴᠢᠯᠠᠨ ᠬᠠᠭᠠᠵᠤ ᠂ ᠬᠦᠯᠡᠮᠵᠢ ᠶᠢᠨ ᠡᠷᠬᠢᠨ ᠲᠣᠭᠤᠷᠢᠨ ᠤ ᠠᠮᠠᠷᠬᠠᠨ ᠲᠡᠭᠳᠡᠬᠦ ᠪᠣᠳᠠᠰ ᠢ ᠲᠣᠭᠲᠠᠪᠤᠷᠢᠵᠢᠭᠤᠯᠵᠤ ᠂ ᠬᠦᠯᠡᠮᠵᠢ ᠶᠢᠨ ᠪᠦᠷᠬᠦᠪᠴᠢ ᠶᠢ ᠡᠪᠳᠡᠬᠦ ᠠᠴᠠ ᠰᠡᠷᠭᠡᠶᠢᠯᠡᠵᠦ ᠂ ᠬᠥᠯᠳᠡᠬᠦ ᠠᠴᠠ ᠰᠡᠷᠭᠡᠶᠢᠯᠡᠵᠦ ᠂ ᠶᠡᠭᠡ ᠰᠠᠯᠬᠢ ᠥᠩᠭᠡᠷᠡᠭᠰᠡᠨ ᠤ ᠲᠠᠷᠠᠭ᠎ᠠ ᠬᠦᠯᠡᠮᠵᠢ ᠶᠢᠨ ᠬᠤᠭ ᠲᠣᠭᠤᠰᠣ ᠶᠢ ᠴᠠᠭ ᠲᠤᠬᠠᠢ ᠳᠤ  ᠨᠢ ᠴᠡᠪᠡᠷᠯᠡᠵᠦ ᠂ ᠬᠦᠯᠡᠮᠵᠢ ᠶᠢᠨ ᠭᠡᠷᠡᠯ ᠨᠡᠪᠲᠡᠷᠡᠬᠦ ᠴᠢᠨᠠᠷ ᠢ ᠰᠠᠶᠢᠵᠢᠷᠠᠭᠤᠯᠬᠤ ᠶᠢ ᠰᠠᠨᠠᠭᠤᠯᠤᠶ᠎ᠠ ᠃ ᠬᠦᠯᠡᠮᠵᠢ ᠶᠢᠨ ᠳᠣᠲᠣᠷᠠᠬᠢ ᠲᠠᠷᠢᠮᠠᠯ ᠤᠨ ᠬᠤᠷᠢᠶᠠᠪᠠᠰᠤ ᠵᠣᠬᠢᠬᠤ ᠶᠢ ᠨᠢ ᠴᠢᠳᠠᠬᠤ ᠶᠢᠨ ᠳᠤᠲᠤᠷ᠎ᠠ ᠬᠤᠷᠢᠶᠠᠬᠤ ᠶᠢᠨ ᠬᠠᠮᠲᠤ ᠰᠠᠯᠠᠭ᠎ᠠ ᠨᠠᠮᠠᠭ᠎ᠠ ᠶᠢ ᠨᠢ ᠵᠠᠰᠠᠬᠤ ᠦᠭᠡᠢ ᠪᠠᠶᠢᠵᠤ᠂ ᠬᠥᠯᠳᠡᠬᠦ ᠲᠦᠭᠰᠢᠭᠦᠷᠢ ᠲᠠᠢ ᠪᠣᠯ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠵᠣᠬᠢᠬᠤ ᠬᠡᠮᠵᠢᠶ᠎ᠡ ᠪᠠᠷ ᠰᠦᠷᠴᠢᠨ ᠣᠷᠣᠭᠤᠯᠵᠤ ᠂ ᠳᠣᠣᠷ᠎ᠠ ᠳᠤᠯᠠᠭᠠᠨ ᠶᠡᠭᠡ ᠰᠠᠯᠬᠢᠨ ᠤ ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠰᠡᠷᠭᠡᠶᠢᠯᠡᠨ᠎ᠡ ᠃ ᠲᠡᠵᠢᠭᠡᠨ ᠦᠷᠡᠵᠢᠭᠦᠯᠬᠦ ᠡᠷᠦᠬᠡ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠪᠠᠨ ᠭᠦᠢᠴᠡᠳ ᠪᠡᠯᠡᠳᠬᠡᠵᠦ ᠂ ᠣᠨᠴᠠᠭᠠᠢ ᠠᠭᠤᠷ ᠠᠮᠢᠰᠬᠤᠯ ᠠᠴᠠ ᠪᠣᠯᠤᠭᠰᠠᠨ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢᠨ ᠬᠠᠩᠭᠠᠯᠭ᠎ᠠ ᠳᠤᠲᠠᠭᠳᠠᠬᠤ ᠠᠴᠠ ᠰᠡᠷᠭᠡᠶᠢᠯᠡᠨ᠎ᠡ ᠃
1.png
2.png
3.png
4.png    
       ᠵᠢᠷᠤᠭ1    3 ᠰᠠᠷ᠎ᠠ ᠶᠢᠨ 9 ᠤ ᠡᠳᠦᠷ ᠠᠴᠠ 3 ᠰᠠᠷ᠎ᠠ ᠶᠢᠨ 12 ᠤ ᠡᠳᠦᠷ ᠤᠨ ᠦᠪᠦᠷ ᠮᠤᠩᠭᠤᠯ ᠤᠨ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠮᠰᠢᠭ ᠤᠨ ᠠᠶᠤᠯ ᠲᠦᠭᠰᠢᠭᠦᠷᠢ ᠭᠠᠷᠬᠤ ᠶᠢ ᠤᠷᠢᠳᠴᠢᠯᠠᠨ ᠰᠡᠷᠡᠮᠵᠢᠯᠡᠭᠦᠯᠬᠦ ᠤᠷᠤᠨ ᠪᠦᠰᠡ ᠶᠢᠨ ᠵᠢᠷᠤᠭ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号