ᠪᠦᠬᠦ ᠣᠷᠣᠨ ᠤ ᠭᠠᠵᠠᠷ ᠰᠢᠷᠣᠢ ᠲᠡᠭᠰᠢᠯᠡᠬᠦ ᠬᠠᠮᠲᠤᠷᠠᠭᠰᠠᠨ ᠠᠵᠢᠯᠯᠠᠭᠠᠨ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠬᠤᠷᠠᠯᠳᠤᠪᠠ ᠳᠠᠶᠢᠴᠢᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/3/9
      3 ᠳ᠋ᠤᠭᠠᠷ ᠰᠠᠷ᠎ᠠ ᠶᠢᠨ 7 ᠤ ᠡᠳᠦᠷ᠂ ᠪᠥᠬᠦ ᠣᠷᠣᠨ ᠤ ᠭᠠᠵᠠᠷ ᠰᠢᠷᠣᠶ ᠲᠡᠭᠰᠢᠯᠡᠬᠦ ᠬᠠᠮᠲᠤᠷᠠᠭᠰᠠᠨ ᠠᠵᠢᠯᠯᠠᠭᠠᠨ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠢ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ᠂ ︽ᠬᠥᠳᠡᠯᠦᠯᠴᠡᠬᠦ᠂ ᠠᠬᠢᠭᠤᠯᠬᠤ᠂ ᠲᠦᠷᠭᠡᠳᠬᠡᠬᠦ︾ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠬᠤᠭᠤᠴᠠᠭ᠎ᠠ ᠶᠢ ᠠᠳᠬᠤᠬᠤ᠂ ᠠᠬᠢᠴᠠ ᠶᠢ ᠲᠦᠷᠭᠡᠳᠬᠡᠬᠦ ᠪᠠ ᠴᠢᠨᠠᠷ ᠢ ᠪᠠᠲᠤᠯᠠᠵᠤ᠂ ᠭᠠᠵᠠᠷ ᠰᠢᠷᠣᠢ ᠲᠡᠭᠰᠢᠯᠡᠬᠦ ᠬᠠᠮᠲᠤᠷᠠᠭᠰᠠᠨ ᠠᠵᠢᠯᠯᠠᠭᠠᠨ ᠢ ᠡᠬᠢᠯᠡᠭᠦᠯᠬᠦ ᠪᠠᠷ ᠳᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠪᠥᠭᠡᠳ ᠴᠢᠩᠭ᠎ᠠ ᠠᠳᠬᠤᠵᠤ᠂ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠡᠷᠭᠡ ᠳᠤ ᠨᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ︽ᠤᠷᠤᠭᠰᠢᠲᠠᠢ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶ᠎ᠠ ᠪᠥᠬᠦᠶ ᠲᠣᠪᠴᠢᠶ᠎ᠠ ᠬᠢᠭᠡᠳ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠳ ᠤᠷᠢᠯᠭ᠎ᠠ ᠪᠠᠷ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠪᠠ ᠠᠶᠢᠮᠠᠭ ᠬᠤᠲᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号