ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 7 ᠤ | ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠪᠦᠭᠦᠳᠡ ᠬᠤᠷᠠᠯ ᠬᠢᠵᠦ ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ | ᠰᠣᠨᠣᠰᠪᠠ ᠃ | ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠼᠠᠢ ᠴᠢ ᠂ ᠳ᠋ᠢᠩ ᠰᠢᠤᠸᠠᠢ | ᠰᠢᠶᠠᠩ ᠂ ᠯᠢ ᠰᠢ ᠨᠠᠷ ᠬᠤᠷᠠᠯ ᠳᠤ ᠣᠷᠣᠯᠴᠠᠵᠠᠢ ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ ᠂ ᠬᠤᠷᠠᠯ ᠳᠤ ᠤᠷᠤᠯᠴᠠᠬᠰᠠᠨ ᠨᠢ 2943 | ᠬᠥᠮᠥᠨ ᠂ 34 ᠬᠥᠮᠥᠨ ᠣᠷᠣᠯᠴᠠᠬᠰᠠᠨ ᠦᠭᠡᠢ ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ | ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ | ᠲᠡᠷᠢᠭᠦᠯᠡᠭᠴᠢ ᠯᠢ ᠬᠤᠩ ᠵᠦᠩ ᠬᠤᠷᠠᠯ ᠢ ᠡᠷᠭᠢᠯᠡᠪᠡ ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠂ ᠬᠤᠷᠢᠶᠠᠨ ᠳᠠᠷᠤᠭ᠎ᠠ ᠯᠢ ᠵᠠᠨ ᠱᠣ᠋ ᠶᠡᠭᠡ ᠬᠤᠷᠠᠯ ᠳᠡᠭᠡᠷ᠎ᠡ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ | ᠬᠢᠪᠡ ᠃ ᠯᠢ ᠵᠠᠨ ᠱᠣ᠋ ᠮᠡᠳᠡᠭᠦᠯᠦᠯᠲᠡ ᠳᠡᠭᠡᠨ ᠂ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠂ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠬᠠᠤᠯᠢ ᠲᠣᠭᠲᠠᠭᠠᠬᠤ ᠠᠵᠢᠯ ᠢ | ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 5 ᠬᠠᠤᠯᠢ ᠲᠣᠭᠲᠠᠭᠠᠵᠤ ᠂ 9 ᠬᠠᠤᠯᠢ ᠳᠤ ᠵᠠᠰᠠᠪᠤᠷᠢ ᠣᠷᠣᠭᠤᠯᠵᠤ ᠂ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ ᠠᠰᠠᠭᠤᠳᠠᠯ ᠤᠨ ᠲᠤᠬᠠᠢ 4 | ᠲᠣᠭᠲᠠᠭᠠᠯ ᠢ ᠪᠠᠲᠤᠯᠠᠵᠤ ᠂ 1 ᠬᠠᠤᠯᠢ ᠴᠠᠭᠠᠵᠠ ᠶᠢᠨ ᠲᠠᠶᠢᠯᠪᠤᠷᠢᠯᠠᠯᠲᠠ ᠭᠢᠪᠡ ︔ ᠬᠢᠨᠠᠯᠲᠠ ᠲᠠᠯᠪᠢᠬᠤ ᠠᠵᠢᠯ ᠢ ᠴᠢᠨᠠᠷ | ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 5 ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ ᠂ 23 ᠬᠢᠨᠠᠯᠲᠠ | ᠲᠠᠯᠪᠢᠬᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ ᠂ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠢ | ᠥᠷᠨᠢᠭᠦᠯᠵᠦ ᠂ 8 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠭᠢᠪᠡ ︔ ᠲᠥᠯᠥᠭᠡᠯᠡᠭᠴᠢᠳ ᠤᠨ ᠠᠵᠢᠯ ᠢ | ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 487 ᠬᠤᠪᠢ ᠲᠥᠯᠥᠭᠡᠯᠡᠭᠴᠢᠳ ᠤᠨ ᠰᠠᠨᠠᠯ ᠵᠥᠪᠯᠡᠯᠭᠡ ᠂ 9349 | ᠬᠤᠪᠢ ᠰᠠᠨᠠᠭᠤᠯᠭ᠎ᠠ ᠶᠢ ᠰᠢᠢᠳᠪᠦᠷᠢᠯᠡᠵᠦ ᠂ ᠪᠠᠶᠢᠩᠭᠤ ᠶᠢᠨ ᠬᠤᠷᠢᠶ᠎ᠠ ᠂ ᠲᠤᠰᠬᠠᠢ ᠵᠥᠪᠯᠡᠯ ᠂ ᠠᠵᠢᠯ ᠤᠨ ᠵᠥᠪᠯᠡᠯ ᠤᠨ | ᠠᠵᠢᠯ ᠳᠤ ᠨᠡᠶᠢᠳᠡ 100 ᠭᠠᠷᠤᠢ ᠬᠥᠮᠥᠨ ᠤᠳᠠᠭ᠎ᠠ ᠣᠷᠣᠯᠴᠠᠪᠠ ︔ ᠭᠠᠳᠠᠭᠠᠳᠤ ᠶᠠᠪᠤᠳᠠᠯ ᠤᠨ ᠠᠵᠢᠯ ᠢ ᠴᠢᠨᠠᠷ ᠰᠠᠶᠢᠲᠠᠢ | ᠰᠠᠶᠢᠲᠤᠷ ᠬᠢᠬᠦ ᠶᠢ ᠪᠠᠷᠢᠮᠲᠠᠯᠠᠵᠤ ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 393 ᠬᠥᠮᠥᠨ ᠤᠳᠠᠭ᠎ᠠ ᠬᠠᠤᠯᠢ | ᠶᠣᠰᠣᠭᠠᠷ ᠲᠣᠮᠢᠯᠠᠵᠤ ᠪᠠᠭᠤᠯᠭᠠᠵᠤ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠲᠣᠭᠲᠠᠭᠠᠭᠰᠠᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ ᠭᠡᠵᠦ ᠵᠢᠭᠠᠵᠤ ᠭᠠᠷᠭᠠᠪᠠ ᠃ | ᠯᠢ ᠵᠠᠨ ᠱᠣ᠋ ᠮᠡᠳᠡᠭᠦᠯᠦᠯᠲᠡ ᠳᠡᠭᠡᠨ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ᠤᠨ ᠲᠤᠰᠢᠶᠠᠯ ᠤᠨ ᠬᠤᠭᠤᠴᠠᠭ᠎ᠠ ᠨᠢ | ᠶᠠᠭ ᠰᠠᠶᠢᠬᠠᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠥᠷᠨᠢᠭᠦᠨ ᠬᠥᠭᠵᠢᠯᠲᠡ ᠶᠢᠨ ᠠᠭᠤᠤ ᠶᠡᠭᠡ ᠲᠡᠦᠬᠡᠨ | ᠬᠤᠪᠢᠰᠤᠯᠲᠠ ᠶᠢᠨ ᠴᠠᠭ ᠦᠶ᠎ᠡ ᠳᠤ ᠲᠣᠬᠢᠶᠠᠪᠠ ᠃ ᠪᠠᠶᠢᠩᠭᠤ ᠶᠢᠨ ᠬᠤᠷᠢᠶ᠎ᠠ ︽ ᠬᠤᠶᠠᠷ ᠢ ᠲᠣᠭᠲᠠᠭᠠᠭᠰᠠᠨ ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ | ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ | ᠢᠮᠠᠭᠲᠠ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠵᠤ ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠵᠤ ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ ᠂ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ ᠂ ᠠᠷᠠᠳ ᠣᠯᠠᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ ᠂ ᠤᠯᠤᠰ ᠤᠨ ᠵᠠᠰᠠᠯᠲᠠ ᠶᠢᠨ | ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠲᠠᠢ ᠨᠢᠭᠲᠠ | ᠤᠶᠠᠯᠳᠤᠭᠤᠯᠵᠤ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ | ᠲᠤᠭᠤᠰᠢᠯᠠᠭᠤᠯᠵᠤ ᠂ ᠪᠦᠭᠦ ᠲᠥᠯᠥᠭᠡᠯᠡᠭᠴᠢ ᠳᠤ ᠴᠢᠩᠭ᠎ᠠ ᠲᠦᠰᠢᠭᠯᠡᠵᠦ ᠂ ᠬᠠᠤᠯᠢ ᠲᠣᠭᠲᠠᠭᠠᠬᠤ ᠡᠷᠬᠡ ᠂ ᠬᠢᠨᠠᠯᠲᠠ | ᠲᠠᠯᠪᠢᠬᠤ ᠡᠷᠬᠡ ᠂ ᠲᠣᠭᠲᠠᠭᠠᠬᠤ ᠡᠷᠬᠡ ᠂ ᠲᠣᠮᠢᠯᠠᠵᠤ ᠪᠠᠭᠤᠯᠭᠠᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ ᠂ ᠨᠠᠮ ᠪᠠ | ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ ᠂ | ᠨᠠᠮ ᠤᠨ ᠲᠥᠪ ᠬᠤᠷᠢᠶ᠎ᠠ ᠶᠢᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠂ ᠠᠷᠠᠳ ᠲᠦᠮᠡᠨ ᠤ ᠬᠦᠰᠡᠯ | ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠲᠥᠪ ᠴᠢᠩᠭ᠎ᠠ ᠠᠮᠠᠯᠠᠯᠲᠠ ᠪᠠᠨ ᠴᠢᠷᠮᠠᠶᠢᠨ ᠪᠡᠶᠡᠯᠡᠭᠦᠯᠵᠡᠢ ᠭᠡᠪᠡ ᠃ | ᠯᠢ ᠵᠠᠨ ᠱᠤ᠋ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠂ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ | ᠲᠥᠰᠥᠯ ᠢ ᠪᠠᠲᠤᠯᠠᠵᠤ ᠂ 47 ᠬᠠᠤᠯᠢ ᠲᠣᠭᠲᠠᠭᠠᠵᠤ ᠂ 111 ᠬᠠᠤᠯᠢ ᠳᠤ ᠵᠠᠰᠠᠪᠤᠷᠢ ᠣᠷᠣᠭᠤᠯᠵᠤ ᠂ ᠬᠠᠤᠯᠢ | ᠴᠠᠭᠠᠵᠠ ᠶᠢᠨ ᠲᠠᠶᠢᠯᠪᠤᠷᠢᠯᠠᠯᠲᠠ ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ | ᠠᠰᠠᠭᠤᠳᠠᠯ ᠤᠨ ᠲᠣᠭᠲᠠᠭᠠᠯ ᠰᠢᠢᠳᠪᠦᠷᠢ ᠶᠢ 53 ᠭᠠᠷᠭᠠᠵᠤ ᠂ ᠨᠢᠭᠡᠨᠲᠡ ᠬᠢᠨᠠᠨ ᠵᠥᠪᠯᠡᠭᠡᠳ ᠬᠠᠷᠠᠬᠠᠨ ᠪᠠᠲᠤᠯᠠᠭᠠᠳᠤᠢ | ᠬᠠᠤᠯᠢ ᠶᠢᠨ ᠲᠥᠰᠥᠯ ᠂ ᠲᠣᠭᠲᠠᠭᠠᠯ ᠤᠨ ᠲᠥᠰᠥᠯ 19 ᠬᠤᠪᠢ ᠪᠠᠶᠢᠨ᠎ᠠ ︔ 182 ᠬᠢᠨᠠᠯᠲᠠ ᠲᠠᠯᠪᠢᠬᠤ ᠠᠵᠢᠯ ᠤᠨ | ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ ᠂ 30 ᠬᠠᠤᠯᠢ ᠪᠠ ᠲᠣᠭᠲᠠᠭᠠᠯ ᠢ | ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ ᠂ 11 ᠤᠳᠠᠭ᠎ᠠ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠂ 33 | ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ ︔ ᠲᠥᠯᠥᠭᠡᠯᠡᠭᠴᠢ ᠶᠢᠨ 2282 ᠬᠤᠪᠢ ᠰᠠᠨᠠᠯ | ᠵᠥᠪᠯᠡᠯᠭᠡ ᠂ ᠲᠥᠯᠥᠭᠡᠯᠡᠭᠴᠢ ᠶᠢᠨ 43750 ᠬᠤᠪᠢ ᠰᠠᠨᠠᠭᠤᠯᠭ᠎ᠠ ᠶᠢ ᠪᠦᠭᠦᠨ ᠢ ᠰᠢᠢᠳᠪᠦᠷᠢᠯᠡᠨ ᠳᠠᠭᠤᠰᠬᠠᠵᠤ ᠂ | ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠭᠰᠡᠨ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ | 98% ᠳᠤ ᠭᠦᠷᠪᠡ ︔ 36 ᠭᠡᠷ᠎ᠡ ᠪᠣᠯᠣᠨ ᠴᠢᠬᠤᠯᠠ ᠬᠡᠯᠡᠯᠴᠡᠭᠡᠷ ᠢ ᠵᠥᠪᠰᠢᠶᠡᠷᠡᠬᠦ ᠪᠠᠷ ᠲᠣᠭᠲᠠᠭᠰᠠᠨ ᠪᠤᠶᠤ ᠲᠡᠭᠦᠨ ᠳᠤ | ᠤᠷᠤᠯᠴᠠᠪᠠ ︔ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 1515 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ | ᠪᠠᠭᠤᠯᠭᠠᠪᠠ ᠃ ᠭᠤᠣᠯᠳᠠᠭᠤ ᠳᠣᠣᠷᠠᠬᠢ ᠠᠵᠢᠯ ᠤᠳ ᠢ ᠥᠷᠨᠢᠭᠦᠯᠪᠡ ᠄ ᠨᠢᠭᠡ ᠳᠤ ᠦᠨᠳᠦᠰᠦᠨ ᠬᠠᠤᠯᠢ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠵᠦ ᠂ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠪᠠ ︔ | ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ | ᠲᠡᠭᠦᠯᠳᠡᠷᠵᠢᠭᠦᠯᠵᠦ ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ ᠂ ᠴᠢᠳᠠᠮᠠᠭᠠᠢ ᠵᠠᠰᠠᠯᠲᠠ ᠶᠢ ᠪᠠᠲᠤᠯᠠᠵᠠᠢ ︔ | ᠭᠤᠷᠪᠠ ᠳᠤ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ | ᠲᠠᠯᠪᠢᠬᠤ ᠡᠷᠬᠡ ᠶᠢ ᠰᠠᠶᠢᠲᠤᠷ ᠬᠡᠷᠡᠭᠯᠡᠵᠦ ᠂ ᠵᠥᠪ ᠢᠶᠠᠷ ᠬᠢᠨᠠᠯᠲᠠ ᠲᠠᠯᠪᠢᠬᠤ ᠂ ᠪᠦᠲᠦᠮᠵᠢᠲᠡᠢ ᠬᠢᠨᠠᠯᠲᠠ ᠲᠠᠯᠪᠢᠬᠤ ᠂ ᠬᠠᠤᠯᠢ | ᠶᠣᠰᠣᠭᠠᠷ ᠬᠢᠨᠠᠯᠲᠠ ᠲᠠᠯᠪᠢᠬᠤ ᠶᠢ ᠭᠡᠷᠡᠭᠵᠢᠭᠦᠯᠵᠠᠢ ︔ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ ᠬᠠᠷᠢᠭᠤ ᠦᠭᠭᠦ ᠶᠢ | ᠪᠡᠶᠡᠯᠡᠭᠦᠯᠪᠡ ︔ ᠲᠠᠪᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢᠨ | ᠳᠠᠪᠠᠭᠤᠯᠢᠭ ᠢ ᠪᠠᠳᠠᠷᠠᠭᠤᠯᠵᠤ ᠂ ᠨᠠᠮ ᠪᠠ ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠶᠡᠭᠡ ᠲᠠᠯ᠎ᠠ ᠳᠤ ᠦᠢᠯᠡᠴᠢᠯᠡᠪᠡ ︔ | ᠵᠢᠷᠭᠤᠭ᠎ᠠ ᠳᠤ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠪᠠᠶᠢᠩᠭᠤ ᠶᠢᠨ ᠬᠤᠷᠢᠶ᠎ᠠ ᠶᠢᠨ | ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠪᠠ ᠭᠡᠪᠡ ᠃ | ᠯᠢ ᠵᠠᠨ ᠱᠤ᠋ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠦᠢᠯᠡᠳᠦᠯᠭᠡ ᠳᠤ ᠮᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠰᠢᠨᠵᠢᠯᠡᠬᠦ ᠤᠬᠠᠭᠠᠨᠴᠢ ᠠᠭᠤᠯᠬᠤᠨ ᠂ ᠦᠨᠳᠦᠰᠦᠨ ᠣᠨᠴᠠᠯᠢᠭ | ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢᠨ ᠲᠤᠬᠠᠢ ᠲᠠᠨᠢᠯᠲᠠ ᠶᠢ ᠤᠯᠠᠮ ᠭᠦᠨᠵᠡᠭᠡᠶᠢᠷᠡᠭᠦᠯᠵᠡᠢ ᠂ ᠡᠨᠡ ᠨᠢ ᠳᠠᠷᠤᠢ ᠄ | ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠡᠷᠬᠡᠪᠰᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ ᠂ | ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ | ᠪᠠᠷᠢᠮᠲᠠᠯᠠᠵᠤ ᠂ ᠡᠷᠬᠡᠪᠰᠢ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ | ᠪᠠᠷᠢᠮᠲᠠᠯᠠᠵᠤ ᠂ ᠡᠷᠬᠡᠪᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠵᠤ ᠂ ᠡᠷᠬᠡᠪᠰᠢ | ᠦᠨᠳᠦᠰᠦᠨ ᠬᠠᠤᠯᠢ ᠳᠤ ᠲᠣᠭᠲᠠᠭᠠᠭᠰᠠᠨ ᠤᠯᠤᠰ ᠤᠨ ᠦᠨᠳᠦᠰᠦᠨ ᠡᠭᠦᠷᠭᠡ ᠂ ᠬᠥᠭᠵᠢᠯᠲᠡ ᠶᠢᠨ ᠵᠠᠮ ᠂ ᠲᠡᠮᠡᠴᠡᠬᠦ | ᠬᠠᠷᠠᠯᠲᠠ ᠶᠢ ᠪᠠᠷᠢᠮᠲᠠᠯᠠᠬᠤ ᠬᠡᠷᠡᠭᠲᠡᠢ ᠶᠠᠪᠤᠳᠠᠯ ᠪᠣᠯᠣᠨ᠎ᠠ ᠭᠡᠵᠡᠢ ᠃ | ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠵᠠᠨ ᠱᠤ᠋ ᠂ 2023 ᠣᠨ ᠪᠣᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠭᠢᠯᠡᠯᠲᠡ ᠶᠢᠨ ᠵᠢᠯ ᠪᠣᠯᠣᠨ᠎ᠠ ᠂ ᠪᠠᠶᠢᠩᠭᠤ ᠶᠢᠨ ᠬᠤᠷᠢᠶ᠎ᠠ ᠶᠢᠨ ᠠᠵᠢᠯ ᠪᠣᠯ ᠨᠢᠭᠡ ᠳᠤ ᠦᠨᠳᠦᠰᠦᠨ ᠬᠠᠤᠯᠢ ᠶᠢ | ᠬᠡᠷᠡᠭᠵᠢᠭᠦᠯᠬᠦ ᠪᠠ ᠬᠠᠤᠯᠢ ᠲᠣᠭᠲᠠᠭᠠᠬᠤ ᠠᠵᠢᠯ ᠢ ᠰᠠᠶᠢᠲᠤᠷ ᠭᠢᠨ᠎ᠠ ︔ ᠬᠤᠶᠠᠷ ᠲᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ ︔ ᠭᠤᠷᠪᠠ ᠳᠤ | ᠲᠥᠯᠥᠭᠡᠯᠡᠭᠴᠢ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠠ ︔ ᠳᠥᠷᠪᠡ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠰᠠᠶᠢᠲᠤᠷ ᠭᠢᠨ᠎ᠠ ︔ ᠲᠠᠪᠤ ᠳᠤ ᠪᠠᠶᠢᠩᠭᠤ ᠶᠢᠨ | ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠵᠢᠭᠠᠵᠤ ᠭᠠᠷᠭᠠᠪᠠ ᠃ | ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠳᠠᠷᠤᠭ᠎ᠠ ᠵᠧᠦ ᠴᠢᠶᠠᠩ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠳᠡᠭᠡᠨ ᠂ 2022 ᠣᠨ ᠳᠤ ᠂ ᠪᠦᠭᠦ ᠤᠯᠤᠰ ᠤᠨ ᠰᠢᠭᠦᠭᠦ ᠬᠤᠷᠢᠶ᠎ᠠ ᠶᠢᠨ ᠡᠯ᠎ᠡ ᠵᠦᠢᠯ ᠤᠨ | ᠠᠵᠢᠯ ᠲᠣᠭᠲᠠᠭᠤᠨ ᠤ ᠳᠤᠮᠳᠠ ᠠᠬᠢᠵᠠᠢ ᠃ ᠠᠷᠠᠳ ᠤᠨ ᠳᠡᠭᠡᠳᠦ ᠰᠢᠭᠦᠭᠦ ᠬᠤᠷᠢᠶ᠎ᠠ 18547 ᠬᠡᠷᠡᠭ ᠢ ᠭᠥᠯᠢᠶᠡᠨ | ᠠᠪᠴᠤ ᠰᠢᠢᠳᠪᠦᠷᠢᠯᠡᠵᠦ ᠂ 13785 ᠬᠡᠷᠡᠭ ᠢ ᠰᠢᠭᠦᠨ ᠳᠠᠭᠤᠰᠬᠠᠪᠠ ︔ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠰᠢᠭᠦᠭᠦ ᠬᠤᠷᠢᠶ᠎ᠠ ᠪᠠ ᠠᠷᠠᠳ ᠤᠨ ᠲᠤᠰᠬᠠᠢ ᠰᠢᠭᠦᠭᠦ ᠬᠤᠷᠢᠶ᠎ᠠ 3370.4 ᠲᠦᠮᠡᠨ ᠬᠡᠷᠡᠭ ᠢ ᠭᠥᠯᠢᠶᠡᠨ | ᠠᠪᠴᠤ ᠰᠢᠢᠳᠪᠦᠷᠢᠯᠡᠵᠦ ᠂ 3081 ᠲᠦᠮᠡᠨ ᠬᠡᠷᠡᠭ ᠢ ᠰᠢᠭᠦᠵᠦ ᠳᠠᠭᠤᠰᠬᠠᠭᠰᠠᠨ ᠪᠠ ᠭᠦᠢᠴᠡᠳᠬᠡᠵᠦ ᠳᠠᠭᠤᠰᠬᠠᠨ ᠂ | ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠬᠠᠷᠠᠯᠲᠠ ᠶᠢᠨ ᠬᠡᠮᠵᠢᠶ᠎ᠡ 9.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ | ᠭᠡᠵᠦ ᠵᠢᠭᠠᠵᠤ ᠭᠠᠷᠭᠠᠪᠠ ᠃ | ᠵᠧᠦ ᠴᠢᠶᠠᠩ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠤᠳᠠᠭ᠎ᠠ ᠪᠦᠷᠢ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ | ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ | ᠠᠷᠠᠳ ᠤᠨ ᠰᠢᠭᠦᠭᠦ ᠬᠤᠷᠢᠶ᠎ᠠ ᠶᠢᠨ ᠠᠵᠢᠯ ᠤᠨ ᠰᠢᠨ᠎ᠡ ᠬᠤᠪᠢᠰᠤᠯᠲᠠ ᠰᠢᠨ᠎ᠡ ᠬᠥᠭᠵᠢᠯᠲᠡ ᠶᠢ ᠠᠬᠢᠭᠤᠯᠪᠠ ᠃ ᠨᠢᠭᠡ ᠳᠤ | ᠤᠯᠤᠰ ᠤᠨ ᠠᠮᠤᠷ ᠲᠦᠪᠰᠢᠨ ᠂ ᠨᠡᠶᠢᠭᠡᠮ ᠤᠨ ᠠᠮᠤᠷ ᠲᠣᠭᠲᠠᠭᠤᠨ ᠂ ᠠᠷᠠᠳ ᠲᠦᠮᠡᠨ ᠤ ᠠᠮᠤᠷ ᠠᠮᠤᠭᠤᠯᠠᠩ ᠢ ᠡᠷᠡᠰ | ᠬᠠᠮᠠᠭᠠᠯᠠᠪᠠ ︔ ᠬᠤᠶᠠᠷ ᠲᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠬᠠᠤᠯᠢ ᠶᠣᠰᠣᠭᠠᠷ ᠦᠢᠯᠡᠴᠢᠯᠡᠪᠠ ︔ ᠭᠤᠷᠪᠠ ᠳᠤ ᠳᠤᠮᠳᠠᠳᠤ ᠤᠯᠤᠰ ᠤᠨ ᠣᠨᠴᠠᠯᠢᠭ ᠲᠠᠢ ᠠᠷᠠᠳ ᠤᠨ | ᠲᠥᠯᠥᠭᠡ ᠬᠠᠤᠯᠢ ᠪᠠᠷᠢᠬᠤ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠪᠠ ︔ ᠳᠥᠷᠪᠡ ᠳᠤ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠬᠤ ᠬᠠᠮᠤᠭ ᠤᠨ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠭᠢᠵᠠᠢ ︔ ᠲᠠᠪᠤ ᠳᠤ | ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠣᠶᠤᠨᠴᠢ ᠰᠢᠭᠦᠭᠦ ᠬᠤᠷᠢᠶ᠎ᠠ ᠶᠢᠨ ᠪᠠᠶᠢᠭᠤᠯᠤᠯᠲᠠ | ᠴᠢᠬᠤᠯᠠ ᠶᠡᠭᠡ ᠠᠬᠢᠯᠲᠠ ᠲᠠᠢ ᠪᠤᠯᠪᠠ ︔ ᠵᠢᠷᠭᠤᠭ᠎ᠠ ᠳᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠰᠢᠭᠦᠭᠦ ᠬᠤᠷᠢᠶ᠎ᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠠᠢ ᠭᠡᠵᠦ ᠢᠯᠡᠳᠬᠡᠪᠡ ᠃ | ᠮᠡᠳᠡᠭᠦᠯᠦᠯᠲᠡ ᠳᠤ ᠂ ᠵᠧᠦ ᠴᠢᠶᠠᠩ 5 ᠲᠠᠯ᠎ᠠ ᠠᠴᠠ 2023 ᠣᠨ ᠤ ᠠᠵᠢᠯ ᠳᠤ ᠰᠠᠨᠠᠭᠤᠯᠭ᠎ᠠ ᠳᠤᠷᠠᠳᠪᠠ ᠄ ᠰᠢ | ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠭᠤᠶᠢᠪᠢᠰᠢ ᠦᠭᠡᠢ ᠵᠠᠮᠨᠠᠬᠤ ᠭᠡᠷᠡᠭᠲᠡᠢ ︔ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠪᠠ ᠴᠢᠨᠠᠷ | ᠰᠠᠶᠢᠲᠠᠢ ᠬᠥᠭᠵᠢᠯᠲᠡ ᠳᠤ ᠬᠠᠤᠯᠢ ᠶᠣᠰᠣᠭᠠᠷ ᠦᠢᠯᠡᠴᠢᠯᠡᠬᠦ ᠭᠡᠷᠡᠭᠳᠠᠢ ︔ ᠠᠷᠠᠳ ᠲᠦᠮᠡᠨ ᠢᠶᠠᠷ ᠭᠤᠣᠯ ᠪᠤᠯᠭᠠᠬᠤ ᠶᠢ | ᠪᠠᠷᠢᠮᠲᠠᠯᠠᠵᠤ ᠂ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠤᠣᠯᠴᠢ ᠪᠠᠷ ᠬᠠᠤᠯᠢ ᠪᠠᠷᠢᠬᠤ ᠶᠢ ᠯᠠᠪᠳᠠᠭᠤᠨ ᠪᠠᠲᠤᠲᠠᠢ | ᠠᠬᠢᠭᠤᠯᠬᠤ ᠭᠡᠷᠡᠭᠳᠠᠢ ︔ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠭᠦᠨ | ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ ᠭᠡᠷᠡᠭᠳᠠᠢ ︔ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠰᠢᠭᠦᠭᠦ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ ᠂ ᠰᠢᠭᠦᠭᠦ ᠬᠤᠷᠢᠶ᠎ᠠ | ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠵᠢᠶᠦ᠋ᠨ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠶᠢᠨ | ᠳᠣᠣᠷ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠡᠷᠡᠭᠦᠦ ᠶᠢᠨ ᠬᠡᠷᠡᠭ ᠂ ᠢᠷᠭᠡᠨ ᠤ ᠬᠡᠷᠡᠭ ᠂ ᠵᠠᠰᠠᠭ ᠵᠠᠬᠢᠷᠭ᠎ᠠ ᠂ | ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ ︽ ᠲᠦᠷᠪᠡᠨ ᠶᠡᠭᠡ ᠪᠠᠶᠢᠴᠠᠭᠠᠬᠤ ᠠᠵᠢᠯ ︾ ᠤᠨ ᠰᠢᠨ᠎ᠡ ᠪᠠᠶᠢᠷᠢᠰᠢᠯ ᠢ | ᠰᠢᠨ᠎ᠡ ᠪᠠᠷ ᠡᠭᠦᠳᠦᠨ ᠪᠠᠶᠢᠭᠤᠯᠵᠤ ᠂ ᠠᠷᠠᠳ ᠲᠦᠮᠡᠨ ᠢ ᠳᠡᠭᠡᠳᠦᠯᠡᠬᠦ ᠶᠢ ᠦᠢᠯᠡᠳᠦᠯᠭᠡᠵᠢᠭᠦᠯᠦᠨ ᠂ ᠦᠨᠳᠦᠰᠦᠨ ᠬᠠᠤᠯᠢ | ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ | ᠴᠢᠳᠠᠮᠠᠭᠠᠢ ᠪᠠᠷ ᠭᠦᠢᠴᠡᠳᠬᠡᠵᠦ ᠂ ᠠᠷᠠᠳ ᠤᠨ ᠪᠠᠶᠢᠴᠠᠭᠠᠬᠤ ᠠᠵᠢᠯ ᠦᠢᠯᠡᠰ ᠰᠢᠨ᠎ᠡ ᠲᠠᠪᠠᠯᠳᠠᠳᠤ ᠬᠥᠭᠵᠢᠯᠲᠡ ᠶᠢ | ᠪᠡᠶᠡᠯᠡᠭᠦᠯᠪᠡ ᠃ 2018 ᠣᠨ ᠠᠴᠠ 2022 ᠣᠨ ᠪᠤᠯᠲᠠᠯ᠎ᠠ ᠂ ᠪᠦᠭᠦ ᠤᠯᠤᠰ ᠤᠨ ᠪᠠᠶᠢᠴᠠᠭᠠᠬᠤ ᠪᠠᠶᠢᠭᠤᠯᠭ᠎ᠠ ᠡᠯ᠎ᠡ | ᠲᠦᠷᠦᠯ ᠤᠨ ᠬᠡᠷᠡᠭ ᠢ ᠨᠡᠶᠢᠳᠡ 1733.6 ᠲᠦᠮᠡᠨ ᠬᠤᠪᠢ ᠰᠢᠢᠳᠪᠦᠷᠢᠯᠡᠵᠦ ᠂ ᠲᠦᠷᠦᠭᠦᠦ ᠲᠠᠪᠤᠨ ᠵᠢᠯ ᠤᠨ ᠬᠢ ᠠᠴᠠ | 40% ᠪᠠᠷ ᠨᠡᠮᠡᠭᠳᠡᠪᠡ ᠃ 2018 ᠣᠨ ᠤ ᠬᠢ ᠲᠠᠢ ᠬᠠᠷᠢᠴᠠᠭᠤᠯᠪᠠᠯ ᠂ 2022 ᠣᠨ ᠳᠤ ᠭᠥᠯᠢᠶᠡᠨ ᠠᠪᠤᠭᠰᠠᠨ ᠬᠢᠨᠠᠨ | ᠪᠠᠶᠢᠴᠠᠭᠠᠵᠤ ᠵᠠᠭᠠᠯᠳᠤᠬᠤ ᠬᠡᠷᠡᠭ 2.8% ᠪᠠᠷ ᠨᠡᠮᠡᠭᠳᠡᠵᠦ ᠂ ᠢᠷᠭᠡᠨ ᠤ ᠬᠡᠷᠡᠭ ᠂ ᠵᠠᠰᠠᠭ ᠵᠠᠬᠢᠷᠭ᠎ᠠ ᠂ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠬᠡᠷᠡᠭ ᠢ ᠰᠢᠢᠳᠪᠦᠷᠢᠯᠡᠭᠰᠡᠨ ᠬᠡᠮᠵᠢᠶ᠎ᠡ ᠲᠤᠰ ᠲᠤᠰ 1.5 ᠲᠠᠭᠢᠨ ᠂ 3.3 ᠲᠠᠭᠢᠨ ᠪᠠ 72. | 6% ᠪᠠᠷ ᠨᠡᠮᠡᠭᠳᠡᠪᠡ ᠭᠡᠵᠦ ᠵᠢᠭᠠᠵᠤ ᠭᠠᠷᠭᠠᠪᠠ ᠃ | ᠮᠡᠳᠡᠭᠦᠯᠦᠯᠲᠡ ᠳᠤ ᠂ ᠵᠠᠩ ᠵᠢᠶᠦ᠋ᠨ ᠥᠩᠭᠡᠷᠡᠭᠰᠡᠨ ᠲᠠᠪᠤᠨ ᠵᠢᠯ ᠤᠨ ᠠᠵᠢᠯ ᠢ 6 ᠲᠠᠯ᠎ᠠ ᠪᠠᠷ ᠡᠷᠭᠢᠴᠡᠭᠦᠯᠪᠡ ᠄ | ᠨᠢᠭᠡ ᠳᠤ ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠳᠤᠮᠳᠠᠳᠤ ᠤᠯᠤᠰ ᠤᠨ | ᠵᠠᠰᠠᠯᠲᠠ ᠳᠤ ᠬᠦᠴᠦᠨ ᠨᠡᠮᠡᠷᠢᠯᠡᠪᠡ ︔ ᠬᠤᠶᠠᠷ ᠲᠤ ᠂ ᠶᠡᠭᠡ ᠲᠠᠯ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ | ᠴᠢᠳᠠᠮᠠᠭᠠᠢ ᠪᠠᠶᠢᠴᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠪᠠ ︔ ᠭᠤᠷᠪᠠ ᠳᠤ ᠂ ᠠᠷᠠᠳ ᠤᠨ ᠲᠥᠯᠥᠭᠡ | ᠬᠠᠤᠯᠢ ᠪᠠᠷᠢᠬᠤ ᠶᠢ ᠪᠠᠷᠢᠮᠲᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ ︔ | ᠳᠥᠷᠪᠡ ᠳᠤ ᠂ ᠵᠠᠷᠭᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠂ ᠴᠢᠳᠠᠮᠠᠭᠠᠢ ᠪᠠᠶᠢᠴᠠᠭᠠᠬᠤ ᠪᠠᠷ ᠬᠠᠤᠯᠢ ᠴᠠᠭᠠᠵᠠ ᠶᠢᠨ | ᠲᠥᠪ ᠭᠤᠣᠯᠴᠢ ᠶᠢ ᠬᠠᠮᠠᠭᠠᠯᠠᠪᠠ ︔ ᠲᠠᠪᠤ ᠳᠤ ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠥᠷᠭᠡᠳᠬᠡᠵᠦ ᠂ ᠴᠢᠳᠠᠮᠠᠭᠠᠢ | ᠪᠠᠶᠢᠴᠠᠭᠠᠬᠤ ᠪᠠᠷ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠪᠠ ︔ ᠵᠢᠷᠭᠤᠭ᠎ᠠ ᠳᠤ ᠂ ᠪᠠᠶᠢᠴᠠᠭᠠᠬᠤ ᠬᠤᠷᠢᠶ᠎ᠠ ᠶᠢ | ᠴᠢᠩᠭ᠎ᠠ ᠵᠠᠰᠠᠬᠤ ᠶᠢ ᠪᠠᠷᠢᠮᠲᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠰᠢᠯᠭᠠᠷᠠᠭᠰᠠᠨ ᠡᠩᠨᠡᠭᠡ ᠶᠢ ᠳᠠᠪᠲᠠᠨ | ᠪᠣᠯᠪᠠᠰᠤᠷᠠᠭᠤᠯᠪᠠ ᠃ | ᠵᠠᠩ ᠵᠢᠶᠦ᠋ᠨ ᠮᠡᠳᠡᠭᠦᠯᠦᠯᠲᠡ ᠳᠡᠭᠡᠨ 2023 ᠣᠨ ᠤ ᠠᠵᠢᠯ ᠳᠤ ᠰᠠᠨᠠᠭᠤᠯᠭ᠎ᠠ ᠳᠤᠷᠠᠳᠴᠠᠢ ᠄ ᠨᠢᠭᠡ ᠳᠤ ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠡᠷᠡᠭᠳᠡᠢ ︔ ᠬᠤᠶᠠᠷ ᠲᠤ ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠢ ᠡᠷᠡᠰ ᠬᠠᠮᠠᠭᠠᠯᠠᠬᠤ ᠭᠡᠷᠡᠭᠳᠡᠢ ︔ ᠭᠤᠷᠪᠠ ᠳᠤ ᠂ ᠬᠠᠤᠯᠢᠵᠢᠯ ᠤᠨ ᠬᠦᠴᠦᠨ ᠢ ᠭᠦᠢᠴᠡᠳ ᠬᠡᠷᠡᠭᠯᠡᠵᠦ ᠴᠢᠨᠠᠷ | ᠰᠠᠶᠢᠲᠠᠢ ᠬᠥᠭᠵᠢᠯᠲᠡ ᠳᠤ ᠦᠢᠯᠡᠴᠢᠯᠡᠬᠦ ᠭᠡᠷᠡᠭᠳᠡᠢ ︔ ᠳᠥᠷᠪᠡ ᠳᠤ ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠴᠢᠳᠠᠪᠤᠷᠢ ᠶᠢ ᠳᠡᠭᠡᠭᠰᠢᠯᠡᠭᠦᠯᠭᠦ ᠭᠡᠷᠡᠭᠳᠡᠢ ︔ ᠲᠠᠪᠤ ᠳᠤ ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ | ᠢᠵᠢ ᠪᠦᠷᠢᠳᠦᠭᠦᠯᠦᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠡᠷᠡᠭᠳᠡᠢ ︔ ᠵᠢᠷᠭᠤᠭ᠎ᠠ ᠳᠤ ᠂ ᠬᠦᠨᠳᠦ ᠡᠭᠦᠷᠭᠡ ᠶᠢ | ᠡᠭᠦᠷᠭᠡᠯᠡᠵᠦ ᠲᠡᠶᠢᠯᠭᠦ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠤᠨ ᠬᠢᠨᠠᠨ ᠵᠥᠪᠯᠡᠭᠦᠯᠭᠦ ᠪᠠᠷ | ᠳᠡᠪᠰᠢᠭᠦᠯᠦᠭᠰᠡᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠰᠠᠨᠠᠯ | ᠵᠥᠪᠯᠡᠯᠭᠡ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ | ᠪᠠᠶᠢᠷᠢᠯᠠᠭᠤᠯᠤᠯᠲᠠ ᠬᠢᠪᠡ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ | ᠬᠤᠷᠠᠯ ᠠᠴᠠ ︽ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︾ ᠢ ᠬᠢᠨᠠᠨ ᠵᠥᠪᠯᠡᠵᠦ | ᠪᠠᠲᠤᠯᠠᠭᠠᠳ ᠂ ᠲᠡᠭᠦᠨ ᠤ ᠳᠣᠲᠣᠷᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ | ᠬᠤᠯᠪᠣᠭᠳᠠᠭᠰᠠᠨ ᠠᠭᠤᠯᠭ᠎ᠠ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠭᠦ ᠪᠠᠷ ᠵᠥᠪᠰᠢᠶᠡᠷᠡᠪᠡ ᠃ | ᠤᠳᠤ ︽ ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︾ ᠢ ᠦᠨᠳᠦᠰᠦᠯᠡᠨ | ᠪᠦᠷᠢᠯᠳᠦᠭᠦᠯᠦᠭᠰᠡᠨ ︽ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︾ ᠢ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠬᠢᠨᠠᠨ ᠵᠦᠪᠯᠡᠭᠦᠯᠭᠦ ᠪᠠᠷ ᠳᠡᠪᠰᠢᠭᠦᠯᠪᠡ ᠭᠡᠵᠦ ᠵᠢᠭᠠᠵᠤ ᠭᠠᠷᠭᠠᠪᠠ ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠶᠢᠳᠠᠯᠭ᠎ᠠ ᠪᠠᠷ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠲᠦᠷᠦ ᠶᠢᠨ ᠶᠠᠪᠤᠳᠠᠯ ᠤᠨ ᠬᠤᠷᠢᠶ᠎ᠠ | ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ ᠃ ᠰᠢᠶᠣᠣ ᠵᠢᠶᠧ | ᠲᠣᠳᠣᠷᠬᠠᠶᠢᠯᠠᠯᠲᠠ ᠳᠠᠭᠠᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠨᠠᠮ ᠪᠠ | ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠢᠭᠡᠨ ᠴᠢᠬᠤᠯᠠ ᠡᠭᠦᠷᠭᠡ ᠪᠣᠯᠤᠭᠰᠠᠨ ᠤ ᠬᠤᠪᠢ ᠳᠤ ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠂ ᠳ᠋ᠠᠶᠢᠲ᠋ᠠ ᠶᠢᠨ ᠬᠠᠮᠢᠶᠠᠷᠤᠯᠲᠠ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠮᠡᠳᠡᠯᠭᠡ ᠶᠢᠨ ᠥᠮᠴᠢᠯᠡᠯ ᠤᠨ ᠡᠷᠬᠡ ᠂ ᠥᠲᠡᠭᠦᠰ ᠤᠨ ᠠᠵᠢᠯ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ | ᠲᠣᠬᠢᠷᠠᠭᠤᠯᠤᠯᠲᠠ ᠬᠢᠵᠦ ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠤᠨ ᠂ ᠬᠠᠤᠯᠢᠵᠢᠯ ᠤᠨ ᠵᠠᠰᠠᠭ ᠤᠨ | ᠣᠷᠳᠣᠨ ᠢ ᠲᠦᠷᠭᠡᠳᠬᠡᠨ ᠪᠠᠶᠢᠭᠤᠯᠬᠤ ᠪᠣᠯ ᠭᠤᠣᠯᠳᠠᠯᠭ᠎ᠠ ᠪᠣᠯᠣᠨ᠎ᠠ ᠭᠡᠵᠦ ᠵᠢᠭᠠᠵᠤ ᠭᠠᠷᠭᠠᠪᠠ ᠃ | ᠡᠨᠡ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠠᠢ | ᠠᠭᠤᠯᠭ᠎ᠠ ᠨᠢ ᠳᠣᠣᠷᠠᠬᠢ ᠮᠡᠲᠦ ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠢ ᠳᠠᠭᠢᠨ ᠰᠢᠨ᠎ᠡ ᠪᠠᠷ | ᠪᠠᠶᠢᠭᠤᠯᠤᠨ᠎ᠠ ︔ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ | ᠪᠠᠶᠢᠭᠤᠯᠤᠨ᠎ᠠ ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ︔ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ | ᠲᠤᠭᠢᠷᠠᠭᠤᠯᠤᠨ᠎ᠠ ︔ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠠᠯᠪᠤᠷᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠨᠢᠭᠡᠳᠦᠯᠲᠡᠢ ᠲᠥᠯᠥᠪᠵᠢᠭᠦᠯᠦᠨ ᠠᠭᠢᠭᠤᠯᠤᠨ᠎ᠠ ︔ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠠᠵᠢᠯᠲᠠᠨ ᠤ ᠨᠢᠭᠡᠳᠦᠯᠲᠡᠢ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠨ᠎ᠠ ︔ ᠤᠯᠤᠰ ᠤᠨ ᠳ᠋ᠠᠶᠢᠲ᠋ᠠ ᠶᠢᠨ | ᠲᠣᠪᠴᠢᠶ᠎ᠠ ᠶᠢ ᠪᠠᠶᠢᠭᠤᠯᠤᠨ᠎ᠠ ︔ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠤᠰᠢᠶᠠᠯ ᠬᠠᠷᠢᠭᠤᠴᠠᠯᠭ᠎ᠠ ᠶᠢ | ᠰᠢᠯᠢᠳᠡᠭᠵᠢᠭᠦᠯᠦᠨ᠎ᠡ ︔ ᠥᠲᠡᠭᠦᠰ ᠤᠨ ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠮᠡᠳᠡᠯᠭᠡ ᠶᠢᠨ | ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠤᠯᠤᠰ ᠤᠨ ᠵᠠᠬᠢᠳᠠᠯ | ᠰᠤᠷᠪᠤᠯᠵᠢᠯᠠᠯ ᠤᠨ ᠲᠣᠪᠴᠢᠶ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ | ᠲᠤᠭᠢᠷᠠᠭᠤᠯᠤᠨ᠎ᠠ ︔ ᠲᠥᠪ ᠤᠨ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠣᠷᠣᠨ ᠲᠤᠭ᠎ᠠ ᠶᠢ ᠴᠣᠮᠬᠠᠳᠬᠠᠨ᠎ᠠ ᠃ | ᠳᠡᠭᠡᠷ᠎ᠡ ᠳᠤᠷᠠᠳᠤᠭᠰᠠᠨ ᠲᠥᠰᠥᠯ ᠶᠣᠰᠣᠭᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠂ ᠲᠥᠷᠥ ᠶᠢᠨ ᠶᠠᠪᠤᠳᠠᠯ ᠤᠨ ᠬᠤᠷᠢᠶ᠎ᠠ | ᠶᠢᠨ ᠠᠯᠪᠠᠨ ᠲᠢᠩᠬᠢᠮ ᠠᠴᠠ ᠭᠠᠳᠠᠨ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠬᠢᠷᠠᠭᠤᠯᠤᠭᠰᠠᠨ ᠪᠦᠷᠢᠯᠳᠦᠭᠦᠨ | ᠰᠠᠯᠠᠭ᠎ᠠ ᠮᠥᠴᠢᠷ ᠮᠥᠨ ᠬᠦ 26 ᠪᠣᠯᠣᠨ᠎ᠠ ᠃ | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠨᠢᠩ ᠂ ᠯᠢᠦ ᠢ ᠯᠢᠶᠠᠩ ᠂ ᠯᠢᠦ ᠨᠢᠩ ᠂ ᠯᠢ ᠰᠢᠤ ᠯᠢᠩ ᠂ | ᠴᠧᠨ ᠭᠠᠩ ᠂ ᠵᠧᠩ ᠱᠠᠨ ᠵᠢᠶᠧ ᠂ ᠨᠢ ᠶᠤᠸᠠᠢ ᠹᠧᠩ ᠂ ᠵᠢᠩ ᠵᠢᠶᠦ᠋ᠨ ᠬᠠᠢ ᠂ ᠯᠧᠦ ᠶᠠᠩ ᠱᠧᠩ ᠲᠡᠷᠢᠭᠦᠯᠡᠭᠴᠢᠳ ᠤᠨ | ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ ᠃ |