ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠰᠠᠯᠠᠭ᠎ᠠ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠬᠤᠰᠢᠭᠤ ᠰᠢᠶᠠᠨ ᠢ ᠵᠣᠬᠢᠶᠠᠨ ᠪᠠᠶᠢᠭᠤᠯᠵᠤ ᠪᠥᠬᠦ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠥᠯᠢᠭᠡᠷ ᠴᠡᠭ ᠢ ᠬᠠᠷᠭᠤᠭᠤᠯᠤᠨ ᠬᠢᠨᠠᠬᠤ ᠬᠤᠷᠠᠯ ᠳᠤ ᠣᠷᠣᠯᠴᠠᠭᠤᠯᠪᠠ
ᠨᠡᠶᠢᠲᠡᠯᠡᠭᠰᠡᠨ ᠴᠠᠭ᠄
2023/4/10
      2023 ᠣᠨ ᠳᠤ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠯᠢᠨᠰᠢ ᠰᠢᠶᠠᠨ᠂ ᠣᠩᠨᠢᠭᠤᠳ ᠬᠤᠰᠢᠭᠤ ᠪᠠ ᠠᠤᠬᠠᠨ ᠬᠤᠰᠢᠭᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠᠷ ᠪᠣᠶ᠃ ᠦᠯᠢᠭᠡᠷ ᠡᠳ᠋ ᠠᠪᠬᠤ ᠴᠡᠭ ᠤᠨ ᠪᠠᠶᠢᠷᠢᠯᠠᠭᠤᠯᠤᠯᠲᠠ ᠶᠢᠨ ᠪᠥᠬᠦ ᠲᠠᠯ᠎ᠠ ᠶᠢᠨ ᠴᠢᠨᠠᠷ ᠂ ᠰᠢᠨᠵᠢᠯᠡᠬᠦ ᠤᠬᠠᠭᠠᠨᠴᠢ ᠴᠢᠨᠠᠷ ᠂ ᠪᠣᠯᠣᠮᠵᠢᠲᠤ ᠴᠢᠨᠠᠷ ᠢ ᠦᠨᠡᠨ ᠬᠦ ᠪᠠᠲᠤᠯᠠᠬᠤ ᠶᠢᠨ ᠲᠤᠰᠠᠳᠠ ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠨ ᠭᠠᠵᠠᠷ  ᠤᠨ ᠬᠠᠮᠠᠭᠠᠯᠠᠯᠲᠠ ᠶᠢᠨ ᠰᠠᠯᠠᠭ᠎ᠠ ᠠᠴᠠ 5 ᠬᠤᠰᠢᠭᠤ ᠰᠢᠶᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭᠠᠲᠠᠨ ᠬᠢᠭᠡᠳ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠡᠯ᠎ᠡ ᠬᠤᠰᠢᠭᠤ ᠰᠢᠶᠠᠨ ᠤ ᠤᠢ ᠰᠢᠭᠤᠢ ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠮᠡᠷᠭᠡᠵᠢᠯᠲᠡᠨ ᠲᠠᠢ ᠬᠠᠮᠲᠤ ᠪᠠᠷ ᠬᠥᠬᠡᠬᠤᠲᠠ ᠶᠢᠨ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠬᠦᠷᠴᠦ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠦᠯᠢᠭᠡᠷ ᠡᠳ᠋ ᠠᠪᠬᠤ ᠴᠡᠭ ᠤᠨ ᠬᠠᠷᠭᠤᠭᠤᠯᠤᠨ ᠬᠢᠨᠠᠬᠤ ᠬᠤᠷᠠᠯ ᠳᠤ ᠣᠷᠣᠯᠴᠠᠭᠤᠯᠪᠠ ᠃      ᠬᠤᠷᠠᠯ ᠳᠤ ᠡᠩ ᠲᠡᠷᠢᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠥᠯᠢᠭᠡᠷ ᠴᠡᠭ ᠢ ᠬᠢᠨᠠᠨ ᠬᠠᠷᠭᠤᠭᠤᠯᠵᠤ ᠪᠠᠶᠢᠷᠢᠯᠠᠭᠤᠯᠬᠤ ᠬᠠᠷᠢᠭᠤᠴᠠᠯᠭᠠᠲᠠᠨ ᠭᠤᠸ᠎ᠠ ᠥᠯᠢᠭᠡᠷ ᠴᠡᠭ ᠢ ᠬᠠᠷᠭᠤᠭᠤᠯᠤᠨ ᠬᠢᠨᠠᠬᠤ ᠠᠵᠢᠯ ᠤᠨ ᠱᠠᠭᠠᠷᠳᠠᠯᠭ᠎ᠠ᠂ ᠠᠬᠢᠴᠠ ᠶᠢᠨ ᠪᠠᠶᠢᠳᠠᠯ ᠤᠨ ᠲᠤᠬᠠᠢ ᠲᠥᠬᠦᠮ ᠬᠠᠷᠢᠭᠤ ᠮᠡᠳᠡᠭᠦᠯᠦᠯᠲᠡ ᠬᠢᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠪᠠ᠃      ᠬᠤᠷᠠᠯ ᠠᠴᠠ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠦᠹᠧᠰᠰᠤᠷ ᡂᠢ ᠸᠧᠨ ᠹᠧᠩ ᠢ ᠣᠨᠴᠠᠭᠠᠶᠢᠯᠠᠨ ᠤᠷᠢᠵᠦ ᠦᠯᠢᠬᠡᠷ ᠴᠡᠭ ᠢ ᠬᠠᠷᠭᠤᠭᠤᠯᠤᠨ ᠬᠢᠨᠠᠬᠤ ᠪᠣᠳᠠᠲᠠᠢ ᠠᠵᠢᠯ ᠂ ᠭᠤᠣᠯᠳᠠᠯᠭ᠎ᠠ ᠲᠠᠢ ᠬᠠᠷᠭᠤᠭᠤᠯᠤᠨ ᠬᠢᠨᠠᠬᠤ ᠠᠭᠤᠯᠭ᠎ᠠ ᠳᠤ ᠨᠠᠷᠢᠨ ᠲᠠᠶᠢᠯᠪᠤᠷᠢ ᠬᠢᠬᠦ ᠶᠢᠨ ᠬᠠᠮᠲᠤ ᠬᠤᠰᠢᠭᠤ ᠰᠢᠶᠠᠨ ᠬᠤᠪᠢᠶᠠᠨ ᠦᠯᠢᠬᠡᠷ ᠴᠡᠭ ᠤᠨ ᠵᠠᠮ ᠮᠦᠷ ᠤᠨ ᠬᠦᠷᠴᠦ ᠪᠣᠯᠬᠤᠶᠢᠴᠠ ᠴᠢᠨᠠᠷ ᠂ ᠪᠠᠶᠢᠷᠢᠯᠠᠭᠤᠯᠤᠯᠲᠠ ᠶᠢᠨ ᠨᠢᠭᠲᠠᠴᠠ ᠶᠢᠨ ᠪᠣᠯᠣᠮᠵᠢᠲᠤ ᠴᠢᠨᠠᠷ ᠂ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠤ ᠦᠯᠢᠬᠡᠷ ᠴᠡᠭ ᠤᠨ ᠲᠤᠭ᠎ᠠ ᠬᠡᠮᠵᠢᠶ᠎ᠡ ᠪᠣᠯᠣᠨ ᠦᠯᠢᠬᠡᠷ ᠴᠡᠭ ᠤᠨ ᠣᠷᠣᠨ ᠵᠠᠢ ᠶᠢᠨ ᠣᠷᠣᠨ ᠪᠠᠶᠢᠷᠢ ᠶᠢᠨ ᠵᠦᠢ ᠵᠣᠬᠢᠰᠲᠠᠢ ᠴᠢᠨᠠᠷ ᠵᠡᠷᠭᠡ ᠲᠠᠯ᠎ᠠ ᠪᠠᠷ ᠬᠢᠨᠠᠨ ᠬᠠᠷᠭᠤᠭᠤᠯᠤᠨ ᠰᠢᠯᠢᠳᠡᠭᠵᠢᠭᠦᠯᠪᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ᠂ ᠣᠨᠴᠠᠭᠠᠶ ᠬᠡᠷᠡᠭᠯᠡᠬᠦ ᠭᠠᠵᠠᠷ ︵ᠴᠡᠷᠢᠭ ᠤᠨ ᠶᠠᠪᠤᠳᠠᠯ ᠤᠨ ᠬᠤᠷᠢᠭᠠᠲᠤ ᠣᠷᠣᠨ᠂ ᠨᠡᠶᠢᠲᠡ ᠶᠢᠨ ᠣᠩᠭᠤᠨ ᠵᠡᠷᠭᠡ︶ ᠲᠤ ᠴᠢᠭᠯᠡᠭᠦᠯᠦᠨ᠂ ᠰᠢᠨ᠎ᠡ ᠪᠠᠷ ᠪᠠᠶᠢᠭᠤᠯᠬᠤ ᠲᠥᠯᠦᠪᠵᠢᠭᠦᠯᠭᠡ ᠶᠢᠨ ᠭᠠᠵᠠᠷ ᠳᠡᠭᠡᠷᠡᠬᠢ ᠪᠠᠶᠢᠷᠢᠯᠠᠭᠤᠯᠤᠯᠲᠠ ᠶᠢᠨ ᠴᠡᠭ ᠪᠠᠶᠢᠷᠢ ᠳᠤ ᠵᠣᠬᠢᠰᠲᠠᠢ ᠲᠣᠬᠢᠷᠠᠭᠤᠯᠤᠯᠲᠠ ᠬᠢᠭᠰᠡᠨ ᠪᠥᠭᠡᠳ ᠭᠠᠵᠠᠷ ᠤᠨ ᠪᠠᠶᠢᠴᠠ ᠪᠤᠳᠤᠯᠢᠶᠠᠨᠲᠠᠢ ᠣᠷᠣᠨ ︵ᠠᠭᠤᠯᠠᠷᠬᠠᠭ ᠣᠷᠣᠨ᠂ ᠳᠣᠪᠣᠷᠬᠠᠭ ᠣᠷᠣᠨ ᠵᠡᠷᠭᠡ︶᠂ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠳᠤ ᠥᠯᠢᠭᠡᠷ ᠴᠡᠭ ᠢ ᠨᠢᠭᠤᠴᠠᠯᠠᠨ ᠪᠠᠶᠢᠷᠢᠯᠠᠭᠤᠯᠬᠤ ᠠᠵᠢᠯ ᠢ ᠬᠢᠵᠡᠢ ᠃ ᠬᠡᠰᠡᠭ ᠳᠣᠲᠣᠭᠠᠳᠤ ᠠᠵᠢᠯ ᠲᠥᠷᠥᠯ ᠤᠨ ᠬᠠᠷᠭᠤᠭᠤᠯᠤᠨ ᠬᠢᠨᠠᠬᠤ ᠶᠢ ᠲᠣᠭᠲᠠᠭᠠᠬᠤ ᠳᠤ ᠪᠡᠷᠬᠡᠲᠡᠢ ᠰᠡᠵᠢᠭᠯᠡᠯᠲᠡᠢ ᠴᠡᠭ ᠲᠤ ᠴᠢᠭᠯᠡᠭᠦᠯᠦᠨ᠂ ᠬᠤᠷᠠᠯ ᠳᠡᠭᠡᠷ᠎ᠡ ᠬᠤᠰᠢᠭᠤ ᠰᠢᠶᠠᠨ ᠬᠤᠪᠢᠶᠠᠨ ᠬᠠᠶᠢᠨ ᠰᠢᠨᠵᠢᠬᠦ ᠨᠠᠷᠢᠨ ᠳᠠᠩᠰᠠ ᠪᠠᠶᠢᠭᠤᠯᠤᠨ ᠂ ᠬᠤᠷᠠᠯ ᠤᠨ ᠳᠠᠷᠠᠭ᠎ᠠ ᠬᠠᠮᠢᠶ᠎ᠠ ᠪᠦᠬᠦᠢ ᠬᠤᠰᠢᠭᠤ ᠰᠢᠶᠠᠨ ᠠᠴᠠ ᠬᠠᠶᠢᠨ ᠰᠢᠨᠵᠢᠵᠦ ᠬᠠᠷᠭᠤᠭᠤᠯᠤᠨ ᠬᠢᠨᠠᠬᠤ ᠠᠵᠢᠯ ᠢ ᠦᠷᠨᠢᠭᠦᠯᠦᠭᠰᠡᠨ ᠤ ᠳᠠᠷᠠᠭ᠎ᠠ ᠬᠠᠶᠢᠨ ᠰᠢᠨᠵᠢᠯᠳᠠ ᠶᠢᠨ ᠮᠡᠳᠡᠭᠦᠯᠦᠯᠲᠡ ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠬᠠᠷᠢᠭᠤ  ᠳᠤᠰᠬᠠᠨ᠎ᠠ  ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠬᠤᠷᠢᠶᠠᠩᠭᠤᠶᠢᠯᠠᠨ ᠳᠡᠭᠡᠭᠰᠢ ᠤᠯᠤᠰ ᠤᠨ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠮᠡᠳᠡᠭᠦᠯᠵᠦ᠂ ᠬᠠᠮᠤᠭ ᠡᠴᠦᠰ ᠤᠨ ᠥᠯᠢᠭᠡᠷ ᠴᠡᠭ ᠤᠨ ᠪᠠᠶᠢᠷᠢᠯᠠᠭᠤᠯᠤᠯᠲᠠ ᠶᠢ ᠨᠤᠲᠠᠯᠠᠬᠤ ᠪᠠ ᠲᠣᠬᠢᠷᠠᠭᠤᠯᠤᠨ᠎ᠠ᠃      ᠲᠣᠰ ᠤᠳᠠᠭᠠᠨ ᠤ ᠬᠤᠷᠠᠯ ᠢᠶᠠᠷ ᠳᠠᠮᠵᠢᠭᠤᠯᠤᠨ ᠪᠠᠶᠢᠷᠢᠯᠠᠭᠤᠯᠤᠯᠲᠠ ᠶᠢᠨ ᠥᠯᠢᠭᠡᠷ ᠴᠡᠭ ᠤᠨ ᠪᠥᠬᠦ ᠲᠠᠯ᠎ᠠ ᠶᠢᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠪᠣᠯᠣᠮᠵᠢᠲᠤ ᠴᠢᠨᠠᠷ ᠢ ᠦᠨᠡᠨ ᠬᠦ ᠪᠠᠲᠤᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠨ᠂ ᠡᠨᠡ ᠵᠢᠯ ᠤᠨ ᠨᠡᠶᠢᠳᠡᠮ ᠪᠠᠶᠢᠴᠠᠭᠠᠯᠲᠠ ᠶᠢᠨ ᠬᠤᠰᠢᠭᠤ ᠰᠢᠶᠠᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠯᠢᠭ ᠣᠨᠣᠴᠠᠲᠠᠢ ᠪᠠᠷ ᠡᠮᠬᠢ ᠵᠢᠷᠤᠮ ᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
图片1.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号