4 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠲᠦᠭᠦᠬᠡᠢ ᠰᠢᠨ᠎ᠡ ᠰᠦ ᠶᠢᠨ ᠦᠨ᠎ᠡ | ᠬᠠᠩᠰᠢ ᠶᠢ ᠵᠥᠪᠳᠡᠯᠴᠡᠬᠦ ᠠᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠡᠷᠭᠢᠯᠡᠬᠦ ᠶᠢᠨ ᠬᠠᠮᠲᠤ ᠶᠠᠷᠢᠶ᠎ᠠ | ᠲᠠᠯᠪᠢᠪᠠ᠃ | | | | | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠰᠦ ᠶᠢᠨ ᠦᠢᠯᠡᠰ ᠤᠨ ᠠᠵᠢᠯ ᠤᠨ ᠲᠤᠰᠬᠠᠢ ᠠᠩᠭᠢ ᠲᠦᠭᠦᠬᠡᠢ | ᠰᠢᠨ᠎ᠡ ᠰᠦ ᠶᠢᠨ ᠵᠥᠪᠯᠡᠯᠭᠡᠨ ᠤ ᠦᠨ᠎ᠡ ᠶᠢᠨ ᠵᠥᠪᠯᠡᠯᠭᠡᠨ ᠤ ᠲᠣᠭᠲᠠᠴᠠ ᠶᠢᠨ ᠬᠡᠷᠡᠭᠵᠢᠭᠦᠯᠬᠦ ᠲᠥᠰᠥᠯ ᠢ | ᠲᠤᠭᠤᠷᠪᠢᠭᠰᠠᠨ ᠪᠠᠶᠢᠳᠠᠯ ᠢ ᠵᠠᠷᠯᠠᠵᠤ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠯᠢ ᠫᠢᠩ ᠦᠯᠢᠭᠡᠷ ᠡᠳ᠋ ᠤᠨ | ᠴᠡᠭ ᠤᠨ ᠪᠠᠶᠢᠷᠢᠯᠠᠭᠤᠯᠤᠯᠲᠠ ᠪᠠ ᠠᠷᠠᠯᠵᠢᠶᠠᠨ ᠤ ᠯᠠᠪᠯᠠᠯᠲᠠ ᠶᠢᠨ ᠦᠨ᠎ᠡ ᠶᠢᠨ ᠲᠣᠭᠠᠴᠠᠭ᠎ᠠ ᠬᠢᠬᠦ ᠠᠷᠭ᠎ᠠ ᠶᠢ | ᠲᠠᠨᠢᠯᠴᠠᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠯ ᠠᠵᠤ | ᠠᠬᠤᠢ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠵᠣᠣ ᠯᠢᠶᠠᠨ ᠱᠧᠩ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ | ᠵᠠᠬᠢᠷᠤᠯ ᠴᠢᠶᠣᠤ ᠭᠤᠸᠠᠩ ᠬᠤᠸᠠ ᠫᠷᠣᠹᠧᠰᠰᠣᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠦ ᠶᠢᠨ ᠦᠢᠯᠡᠰ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠲᠤᠰ ᠲᠤᠰ ᠭᠠᠵᠠᠷ ᠣᠷᠣᠨ ᠤ ᠦᠨ᠎ᠡ ᠶᠢᠨ ᠵᠥᠷᠢᠶ᠎ᠡ᠂ | ᠦᠯᠢᠭᠡᠷ ᠡᠳ᠋ ᠤᠨ ᠰᠣᠩᠭᠤᠯᠲᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠦᠨ᠎ᠡ ᠬᠠᠩᠰᠢ ᠶᠢᠨ | ᠬᠢᠨᠠᠨ ᠬᠡᠮᠵᠢᠯᠲᠡ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ | ᠵᠡᠷᠭᠡ ᠲᠠᠯ᠎ᠠ ᠶᠢᠨ ᠲᠣᠭᠤᠷᠢᠨ ᠳᠤ ᠶᠠᠷᠢᠶ᠎ᠠ ᠲᠠᠯᠪᠢᠪᠠ ᠂ ᠬᠥᠬᠡᠬᠤᠲᠠ ᠂ ᠬᠢᠩᠭᠠᠨ ᠠᠶᠢᠮᠠᠭ ᠂ ᠪᠠᠶᠠᠨᠨᠠᠭᠤᠷ ᠬᠤᠳᠠ ᠶᠢᠨ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠵᠢᠴᠢ ᠢᠯᠢ ᠪᠦᠯᠦᠭᠯᠡᠯ ᠂ ᠮᠧᠩ ᠨᠢᠦ ᠪᠦᠯᠦᠭᠯᠡᠯ ᠂ ᠵᠦᠩ ᠯᠢ | ᠮᠠᠯ ᠠᠵᠤ ᠠᠬᠤᠢ ᠂ ᠶᠢᠨ ᠾᠧ ᠲᠤᠤ ᠰᠦ ᠶᠢᠨ ᠦᠢᠯᠡᠰ ᠂ ᠪᠠᠶᠠᠨᠨᠠᠭᠤᠷ ᠬᠤᠳᠠ ᠶᠢᠨ ᠸᠧᠢ ᠴᠤᠸᠠᠩ ᠮᠠᠯᠵᠢᠯ ᠤᠨ | ᠲᠠᠯᠠᠪᠠᠢ ᠂ ᠶᠤᠸᠠᠨ ᠲᠠᠢ ᠲᠡᠵᠢᠭᠡᠨ ᠦᠷᠡᠵᠢᠭᠦᠯᠬᠦ ᠲᠠᠯᠠᠪᠠᠢ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ ᠂ ᠦᠨ᠎ᠡ ᠬᠠᠩᠰᠢ ᠲᠣᠭᠲᠠᠭᠠᠬᠤ ᠂ ᠬᠢᠨᠠᠯᠲᠠ ᠲᠠᠯᠪᠢᠬᠤ ᠲᠣᠭᠲᠠᠴᠠ ᠂ ᠦᠨ᠎ᠡ | ᠬᠠᠩᠰᠢ ᠶᠢ ᠬᠦᠨᠳᠡᠬᠦ ᠲᠣᠭᠲᠠᠴᠠ ᠵᠡᠷᠭᠡ ᠲᠠᠯ᠎ᠠ ᠪᠠᠷ ᠰᠣᠯᠢᠯᠴᠠᠭᠠᠨ ᠤ ᠶᠠᠷᠢᠶ᠎ᠠ ᠲᠠᠯᠪᠢᠵᠠᠢ ᠃ | | | | | ᠵᠣᠣ ᠢᠦᠢ ᠱᠧᠩ ᠪᠣᠯᠣᠨ ᠬᠤᠷᠠᠯ ᠳᠤ ᠣᠷᠣᠯᠴᠠᠭᠰᠠᠨ ᠨᠥᠬᠦᠳ ᠲᠦᠭᠦᠬᠡᠢ ᠰᠢᠨ᠎ᠡ ᠰᠦᠨ ᠤ ᠦᠨ᠎ᠡ | ᠬᠠᠩᠰᠢ ᠶᠢᠨ ᠵᠥᠪᠳᠡᠯᠴᠡᠬᠦ ᠪᠦᠷᠢᠨ ᠲᠡᠭᠦᠯᠳᠡᠷ ᠲᠣᠭᠲᠠᠴᠠ ᠶᠢ ᠬᠡᠷᠬᠢᠨ ᠪᠠᠶᠢᠭᠤᠯᠬᠤ ᠲᠤᠬᠠᠢ᠂ ᠵᠦᠢ ᠵᠣᠬᠢᠰᠲᠠᠢ᠂ | ᠬᠥᠳᠡᠯᠦᠩᠭᠦᠢ ᠪᠠᠷ ᠲᠦᠭᠦᠬᠡᠢ ᠰᠢᠨ᠎ᠡ ᠰᠦᠨ ᠤ ᠵᠢᠯᠤᠭᠤᠳᠬᠤ ᠦᠨ᠎ᠡ ᠲᠣᠭᠲᠠᠭᠠᠵᠤ᠂ ᠰᠦᠨ ᠤ ᠠᠵᠤ ᠦᠢᠯᠡᠰ ᠤᠨ | ᠬᠡᠯᠬᠢᠶ᠎ᠡ ᠶᠢᠨ ᠠᠰᠢᠭ ᠲᠤᠰᠠ ᠶᠢᠨ ᠬᠤᠯᠪᠣᠭ᠎ᠠ ᠶᠢ ᠨᠢᠭᠲᠠᠷᠠᠭᠤᠯᠬᠤ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ | ᠰᠣᠯᠢᠯᠴᠠᠪᠠ᠃ ᠲᠡᠷᠡ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠣᠷᠣᠨ ᠤ ᠲᠦᠭᠦᠬᠡᠢ | ᠰᠢᠨ᠎ᠡ ᠰᠦᠨ ᠤ ᠦᠨ᠎ᠡ ᠬᠠᠩᠰᠢ ᠶᠢᠨ ᠵᠥᠪᠳᠡᠯᠴᠡᠬᠦ ᠲᠣᠭᠲᠠᠴᠠ ᠶᠢ ᠨᠡᠶᠢᠲᠡᠯᠡᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠣᠯᠠᠨ ᠤᠳᠠᠭ᠎ᠠ ᠲᠣᠬᠢᠷᠠᠭᠤᠯᠤᠨ ᠪᠠᠶᠢᠷᠢᠯᠠᠭᠤᠯᠵᠤ᠂ ᠮᠠᠨ ᠤ ᠣᠷᠣᠨ ᠤ ᠲᠦᠭᠦᠬᠡᠢ | ᠰᠢᠨ᠎ᠡ ᠰᠦᠨ ᠤ ᠦᠨ᠎ᠡ ᠬᠠᠩᠰᠢ ᠶᠢᠨ ᠵᠥᠪᠳᠡᠯᠴᠡᠬᠦ ᠲᠣᠭᠲᠠᠴᠠ ᠶᠢ ᠲᠦᠷᠭᠡᠪᠴᠢᠯᠡᠨ ᠲᠣᠭᠲᠠᠭᠠᠬᠤ ᠬᠡᠷᠡᠭᠲᠡᠢ ᠭᠡᠵᠦ | ᠱᠠᠭᠠᠷᠳᠠᠵᠤ ᠪᠤᠢ ᠃ ᠰᠦ ᠶᠢᠨ ᠦᠢᠯᠡᠰ ᠤᠨ ᠠᠵᠢᠯ ᠤᠨ ᠲᠤᠰᠬᠠᠢ ᠠᠩᠭᠢ ᠶᠢᠨ ᠬᠢᠨ ᠬᠤᠷᠠᠯ ᠳᠤ ᠣᠷᠣᠯᠴᠠᠭᠰᠠᠨ | ᠲᠥᠯᠥᠭᠡᠯᠡᠭᠴᠢᠳ ᠤᠨ ᠳᠤᠷᠠᠳᠤᠭᠰᠠᠨ ᠡᠷᠬᠢᠮ ᠨᠠᠨᠳᠢᠨ ᠰᠠᠨᠠᠯ ᠢ ᠵᠦᠢ ᠵᠣᠬᠢᠰᠲᠠᠢ ᠰᠢᠩᠭᠡᠬᠡᠨ ᠠᠪᠴᠤ᠂ ᠠᠯᠢ | ᠲᠦᠷᠭᠡᠨ ᠢᠶᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠬᠠᠷᠢᠭᠤᠴᠠᠯᠭᠠᠲᠤ ᠰᠠᠯᠠᠭ᠎ᠠ | ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ ᠂ ᠮᠠᠨ ᠤ ᠣᠷᠣᠨ ᠤ ᠲᠦᠭᠦᠬᠡᠢ ᠰᠢᠨ᠎ᠡ ᠰᠦ ᠶᠢᠨ ᠦᠨ᠎ᠡ | ᠬᠠᠩᠰᠢ ᠶᠢ ᠵᠣᠬᠢᠴᠠᠭᠤᠯᠬᠤ ᠺᠣᠮᠢᠰ ᠢ ᠲᠦᠷᠭᠡᠳᠬᠡᠨ ᠪᠠᠶᠢᠭᠤᠯᠵᠤ ᠂ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠬᠤ ᠬᠡᠷᠡᠭᠲᠡᠢ ᠃ ᠬᠥᠬᠡᠬᠤᠲᠠ ᠂ ᠬᠢᠩᠭᠠᠨ ᠠᠶᠢᠮᠠᠭ ᠂ ᠪᠠᠶᠠᠨᠨᠠᠭᠤᠷ ᠬᠤᠳᠠ ᠵᠡᠷᠭᠡ | ᠲᠤᠷᠰᠢᠯᠲᠠ ᠶᠢᠨ ᠴᠡᠭ ᠤᠨ ᠠᠶᠢᠮᠠᠭ ᠬᠤᠳᠠ ᠨᠤᠭᠤᠳ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢ | ᠵᠣᠬᠢᠴᠠᠭᠤᠯᠬᠤ ᠺᠣᠮᠢᠰ ᠲᠠᠢ ᠢᠳᠡᠪᠬᠢᠲᠡᠢ ᠬᠠᠮᠵᠢᠯᠴᠠᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ | ᠬᠢᠬᠦ ᠬᠡᠷᠡᠭᠲᠡᠢ ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ᠂ ᠰᠦ ᠶᠢᠨ ᠠᠵᠤ ᠠᠬᠤᠶᠢᠯᠠᠯ᠂ ᠲᠡᠵᠢᠭᠡᠨ | ᠦᠷᠡᠵᠢᠭᠦᠯᠬᠦ ᠲᠠᠯᠠᠪᠠᠶ ᠨᠤᠭᠤᠳ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ ᠪᠠᠨ ᠴᠢᠩᠭᠠᠷᠠᠭᠤᠯᠵᠤ᠂ ᠦᠨ᠎ᠡ ᠬᠠᠩᠰᠢ ᠶᠢᠨ ᠵᠥᠪᠳᠡᠯᠴᠡᠬᠦ ᠲᠣᠭᠲᠠᠴᠠ ᠶᠢᠨ ᠡᠯ᠎ᠡ ᠵᠦᠢᠯ ᠤᠨ ᠡᠭᠦᠷᠭᠡ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠬᠢᠨᠠᠮᠠᠭᠠᠢ ᠭᠦᠢᠴᠡᠳᠬᠡᠨ᠂ ᠬᠤᠳᠠᠯᠳᠤᠨ ᠠᠪᠬᠤ ᠪᠠ ᠪᠣᠷᠣᠯᠠᠭᠤᠯᠬᠤ ᠬᠤᠶᠠᠷ | ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠲᠦᠭᠦᠬᠡᠢ ᠰᠢᠨ᠎ᠡ ᠰᠦ ᠶᠢᠨ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠬᠠᠮᠲᠤᠪᠠᠷ ᠬᠠᠮᠠᠭᠠᠯᠠᠬᠤ ᠬᠡᠷᠡᠭᠲᠡᠢ ᠭᠡᠪᠡ ᠃ | ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ ᠂ ᠬᠢᠩᠭᠠᠨ ᠠᠶᠢᠮᠠᠭ ᠪᠣᠯᠣᠨ ᠪᠠᠶᠠᠨᠨᠠᠭᠤᠷ ᠬᠤᠳᠠ ᠳᠤ | ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ | ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠨᠡᠶᠢᠭᠡᠮᠯᠢᠭ ᠤᠨ ᠲᠥᠯᠥᠭᠡᠯᠡᠭᠴᠢ ᠂ ᠢᠯᠢ ᠪᠦᠯᠦᠭᠯᠡᠯ ᠂ | ᠮᠧᠩ ᠨᠢᠦ ᠪᠦᠯᠦᠭᠯᠡᠯ ᠂ ᠶᠢᠨ ᠾᠧ ᠲᠤᠤ ᠂ ᠬᠤᠩ ᠴᠧᠩ ᠰᠦ ᠶᠢᠨ ᠦᠢᠯᠡᠰ ᠵᠡᠷᠭᠡ 4 ᠴᠠᠭᠠᠨ ᠢᠳᠡᠭᠡᠨ | ᠪᠣᠯᠪᠠᠰᠤᠷᠠᠭᠤᠯᠬᠤ ᠠᠵᠤ ᠠᠬᠤᠶᠢᠯᠠᠯ ᠤᠨ ᠲᠥᠯᠥᠭᠡᠯᠡᠭᠴᠢ ᠂ ᠮᠧᠩ ᠳ᠋ᠧ ᠯᠦᠩ ᠮᠠᠯᠵᠢᠯ ᠤᠨ ᠲᠠᠯᠠᠪᠠᠢ ᠂ ᠸᠧᠢ | ᠴᠤᠸᠠᠩ ᠮᠠᠯᠵᠢᠯ ᠤᠨ ᠲᠠᠯᠠᠪᠠᠢ ᠂ ᠵᠦᠩ ᠯᠢ ᠮᠠᠯ ᠠᠵᠤ ᠠᠬᠤᠢ ᠵᠡᠷᠭᠡ 20 ᠲᠡᠵᠢᠭᠡᠨ ᠦᠷᠡᠵᠢᠭᠦᠯᠬᠦ ᠲᠠᠯᠠᠪᠠᠢ ᠶᠢᠨ | ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠪᠠ ᠃ | |