4 ᠰᠠᠷ᠎ᠠ ᠶᠢᠨ 9 — 11 ᠤ ᠡᠳᠦᠷ ᠪᠣᠯᠲᠠᠯ᠎ᠠ᠂ ᠮᠠᠨ ᠤ ᠣᠷᠣᠨ ᠤ ᠢᠳᠡᠰᠢᠨ ᠨᠣᠭᠤᠭᠠᠨ ᠤ | ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠶ ᠡᠵᠡᠮᠰᠢᠵᠦ᠂ ᠢᠳᠡᠰᠢᠨ ᠨᠣᠭᠤᠭᠠᠨ ᠤ | ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠦᠯᠦᠭᠡ᠂ ︽ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠡᠪᠡᠰᠦᠨ ᠤ ᠰᠤᠳᠤᠯᠭᠠᠨ ᠤ ᠭᠠᠵᠠᠷ ᠤᠨ ᠢᠳᠡᠰᠢᠨ ᠨᠣᠭᠤᠭᠠᠨ ᠤ | ᠮᠡᠳᠡᠭᠡ ᠵᠠᠩᠭᠢᠴᠢ ᠶᠢᠨ ᠪᠤᠯᠪᠠᠰᠤᠷᠠᠯ ᠤᠨ ᠠᠩᠭᠢ ᠡᠷᠭᠢᠯᠡᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠵᠢᠴᠢ ᠲᠥᠪ ᠤᠨ | ᠤᠳᠤᠷᠢᠳᠤᠯᠭ᠎ᠠ ᠶᠢᠨ ᠴᠤᠬᠤᠯᠪᠤᠷᠢ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ | ᠭᠠᠵᠠᠷ ᠠᠴᠠ ᠸᠧᠢ ᠨᠠ᠂ ᠳ᠋ᠧᠩ ᠬᠠᠢ ᠹᠧᠩ ᠢ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠭᠤᠯᠬᠤ ᠪᠠᠷ | ᠲᠣᠮᠢᠯᠠᠪᠠ᠃ | | | | | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠬᠤᠸᠠᠷ ᠰᠤᠳᠤᠯᠬᠤ ᠭᠠᠵᠠᠷ ᠤᠨ ᠳᠠᠷᠤᠭ᠎ᠠ ᠵᠠᠩ ᠶᠢᠦ ᠵᠢᠶᠦ᠋ᠨ | ᠰᠤᠳᠤᠯᠤᠭᠴᠢ᠂ ᠳᠤᠮᠳᠠᠳᠤ ᠤᠯᠤᠰ ᠤᠨ ᠢᠳᠡᠰᠢᠨ ᠨᠣᠭᠤᠭᠠᠨ ᠤ ᠨᠡᠶᠢᠭᠡᠮᠯᠢᠭ ᠤᠨ ᠳᠠᠷᠤᠭ᠎ᠠ ᠶᠠᠩ ᠰᠢᠶᠦᠩ | ᠨᠢᠶᠠᠨ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ | ᠠᠵᠤ ᠠᠬᠤᠢ ᠶᠢᠨ ᠠᠵᠢᠯᠯᠠᠬᠤ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠯᠢ᠂ ᠳᠤᠮᠳᠠᠳᠤ | ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠰᠥᠩ ᠸᠧᠢ ᠲᠠᠩ ᠬᠤᠷᠠᠯ ᠳᠤ ᠣᠷᠣᠯᠴᠠᠵᠤ | ᠴᠢᠬᠤᠯᠠ ᠶᠠᠷᠢᠶ᠎ᠠ ᠳᠠᠯᠪᠢᠨ᠂ ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠴᠢᠬᠤᠯᠠ ᠴᠢᠨᠠᠷ ᠪᠠ ᠪᠣᠳᠠᠲᠤ ᠠᠴᠢ | ᠬᠤᠯᠪᠣᠭᠳᠠᠯ ᠢ ᠠᠳᠠᠯᠢ ᠪᠤᠰᠤ ᠲᠠᠯ᠎ᠠ ᠠᠴᠠ ᠲᠣᠳᠣᠷᠬᠠᠶᠢᠯᠠᠵᠠᠢ᠃ ᠪᠤᠯᠪᠠᠰᠤᠷᠠᠯ ᠳᠤ ᠣᠷᠣᠯᠴᠠᠭᠰᠠᠳ ᠤᠨ ᠲᠣᠰ | ᠤᠳᠠᠭᠠᠨ ᠤ ᠪᠤᠯᠪᠠᠰᠤᠷᠠᠯ ᠲᠠᠢ ᠤᠶᠠᠯᠳᠤᠭᠤᠯᠤᠨ᠂ ᠡᠯ᠎ᠡ ᠮᠤᠵᠢ ᠶᠢᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ | ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠮᠡᠳᠡᠭᠡ ᠵᠠᠩᠭᠢ ᠶᠢ ᠬᠢᠨᠠᠨ ᠬᠡᠮᠵᠢᠬᠦ ᠠᠵᠢᠯ ᠤᠨ ᠳᠤᠮᠳᠠᠬᠢ ᠰᠠᠶᠢᠨ | ᠲᠤᠷᠰᠢᠯᠭ᠎ᠠ ᠪᠠ ᠠᠷᠭ᠎ᠠ ᠪᠠᠷᠢᠯ ᠢ ᠥᠷᠭᠡᠨ ᠢᠶᠠᠷ ᠰᠣᠯᠢᠯᠴᠠᠵᠤ᠂ ᠵᠠᠷᠢᠮ ᠦᠢᠯᠡᠳᠪᠦᠷᠢᠯᠡᠯ ᠤᠨ ᠮᠡᠳᠡᠭᠡ ᠵᠠᠩᠭᠢ ᠶᠢ | ᠴᠤᠭᠯᠠᠭᠤᠯᠵᠤ ᠮᠡᠳᠡᠭᠦᠯᠦᠨ ᠬᠦᠷᠭᠡᠬᠦ ᠠᠵᠢᠯ ᠤᠨ ᠳᠤᠮᠳᠠᠬᠢ ᠠᠰᠠᠭᠤᠳᠠᠯ ᠪᠠ ᠬᠦᠴᠢᠷᠳᠡᠯ ᠢ ᠴᠢᠷᠮᠠᠶᠢᠨ | ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠨᠠᠩ ᠰᠠᠶᠢᠨ ᠥᠷᠨᠢᠭᠦᠯᠬᠦ ᠳᠤ ᠴᠢᠳᠠᠪᠤᠷᠢᠲᠠᠨ ᠤ | ᠪᠠᠲᠤᠯᠠᠭ᠎ᠠ ᠪᠠ ᠮᠡᠷᠭᠡᠵᠢᠯ ᠤᠨ ᠪᠠᠲᠤᠯᠠᠭ᠎ᠠ ᠶᠢ ᠰᠠᠶᠢᠲᠤᠷ ᠬᠢᠬᠦ ᠶᠢ ᠵᠣᠷᠢᠭᠵᠢᠭᠤᠯᠪᠠ᠃ | 10 ᠤ ᠡᠳᠦᠷ ᠤᠨ ᠦᠳᠡ ᠶᠢᠨ ᠡᠮᠦᠨ᠎ᠡ᠂ ᠰᠤᠳᠤᠯᠤᠭᠴᠢ ᠵᠠᠩ ᠶᠢᠦ ᠵᠢᠶᠦ᠋ᠨ ︽ ᠲᠦᠬᠦᠭᠡᠷᠦᠮᠵᠢᠲᠦ | ᠢᠳᠡᠰᠢᠨ ᠨᠣᠭᠤᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ︾ ᠭᠡᠬᠦ ᠭᠤᠣᠯ ᠰᠡᠳᠦᠪᠲᠦ | ᠮᠡᠳᠡᠭᠦᠯᠦᠯᠲᠡ ᠬᠢᠵᠦ᠂ ᠣᠳᠣᠬᠠᠨ ᠤ ᠮᠠᠨ ᠤ ᠤᠯᠤᠰ ᠤᠨ ᠲᠦᠬᠦᠭᠡᠷᠦᠮᠵᠢᠲᠦ ᠢᠳᠡᠰᠢᠨ ᠨᠣᠭᠤᠭᠠᠨ ᠤ ᠠᠵᠤ | ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ | ᠠᠯᠬᠤᠮ ᠤᠨ ᠬᠥᠭᠵᠢᠯᠲᠡ ᠶᠢᠨ ᠳᠠᠯᠳᠠ ᠬᠦᠴᠦᠨ ᠢ ᠨᠠᠷᠢᠨ ᠲᠠᠨᠢᠯᠴᠠᠭᠤᠯᠪᠠ᠃ ᠫᠷᠤᠹᠧᠰᠰᠤᠷ ᠰᠥᠩ ᠸᠧᠢ ᠲᠠᠩ | ︽ᠲᠥᠬᠦᠭᠡᠷᠦᠮᠵᠢᠲᠦ ᠢᠳᠡᠰᠢᠨ ᠨᠣᠭᠤᠭᠠᠨ ᠤ ᠮᠠᠰᠢᠨᠴᠢᠯᠠᠯᠲᠠ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ | ᠲᠤᠬᠠᠢ ᠪᠣᠳᠣᠯᠬᠢᠯᠠᠯ︾ ᠭᠡᠬᠦ ᠭᠤᠣᠯ ᠰᠡᠳᠦᠪᠲᠦ ᠮᠡᠳᠡᠭᠦᠯᠦᠯᠲᠡ ᠬᠢᠵᠦ᠂ ᠮᠠᠨ ᠤ ᠤᠯᠤᠰ ᠤᠨ ᠲᠥᠬᠦᠭᠡᠷᠦᠮᠵᠢᠲᠦ | ᠢᠳᠡᠰᠢᠨ ᠨᠣᠭᠤᠭᠠᠨ ᠤ ᠮᠠᠰᠢᠨᠴᠢᠯᠠᠯᠲᠠ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠲᠤᠬᠠᠢ ᠭᠦᠨᠵᠡᠭᠡᠢ | ᠪᠥᠭᠡᠳ ᠣᠶᠢᠯᠠᠭᠠᠮᠵᠢᠲᠠᠢ᠂ ᠨᠠᠷᠢᠨ ᠨᠢᠮᠪᠠᠢ ᠲᠠᠨᠢᠯᠴᠠᠭᠤᠯᠵᠠᠢ᠃ | 10 ᠤ ᠡᠳᠦᠷ ᠤᠨ ᠦᠳᠡ ᠶᠢᠨ ᠬᠤᠶᠢᠨ᠎ᠠ ᠂ ᠪᠣᠯᠪᠠᠰᠤᠷᠠᠯ ᠤᠨ ᠠᠩᠭᠢ ᠢᠳᠡᠰᠢᠨ ᠨᠣᠭᠤᠭᠠᠨ ᠤ | ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠵᠢᠴᠢ ᠳᠤᠮᠳᠠᠳᠤ ᠤᠯᠤᠰ ᠤᠨ ᠢᠳᠡᠰᠢᠨ | ᠨᠣᠭᠤᠭᠠᠨ ᠤ ᠨᠡᠶᠢᠭᠡᠮᠯᠢᠭ ᠤᠨ ᠦᠨ᠎ᠡ ᠬᠠᠩᠰᠢ ᠶᠢᠨ ᠬᠢᠨᠠᠨ ᠬᠡᠮᠵᠢᠯᠲᠡ ᠳᠤ ᠴᠢᠭᠯᠡᠭᠦᠯᠦᠨ ᠲᠤᠬᠠᠶᠢᠯᠠᠭᠰᠠᠨ ᠠᠵᠢᠯ ᠤᠨ | ᠪᠤᠯᠪᠠᠰᠤᠷᠠᠯ ᠬᠢᠵᠦ ᠠᠰᠠᠭᠤᠳᠠᠯ ᠢ ᠬᠠᠷᠢᠭᠤᠯᠪᠠ᠃ ᠬᠤᠷᠠᠯ ᠤᠨ ᠡᠴᠦᠰ ᠲᠤ᠂ ᠠᠨᠾᠦ᠋ᠢ᠂ ᠾᠧᠨᠠᠨ᠂ ᠭᠦᠢᠵᠧᠦ᠂ | ᠶᠦᠨᠨᠠᠨ᠂ ᠭᠠᠨᠰᠤ ᠵᠡᠷᠭᠡ 5 ᠮᠤᠵᠢ ᠲᠣᠰ ᠲᠣᠰ ᠡᠯ᠎ᠡ ᠮᠤᠵᠢ ᠶᠢᠨ ᠢᠳᠡᠰᠢᠨ ᠨᠣᠭᠤᠭᠠᠨ ᠤ ᠮᠡᠳᠡᠭᠡ ᠵᠠᠩᠭᠢ ᠶᠢᠨ | ᠬᠢᠨᠠᠨ ᠬᠡᠮᠵᠢᠯᠲᠡ ᠶᠢᠨ ᠪᠠᠶᠢᠳᠠᠯ ᠤᠨ ᠲᠤᠬᠠᠢ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠪᠠ᠃ | | | | ᠲᠣᠰ ᠤᠳᠠᠭᠠᠨ ᠤ ᠲᠤᠰᠬᠠᠢ ᠰᠡᠳᠦᠪᠲᠦ ᠪᠤᠯᠪᠠᠰᠤᠷᠠᠯ ᠢᠶᠠᠷ ᠳᠡᠮᠵᠢᠨ ᠂ ᠪᠤᠯᠪᠠᠰᠤᠷᠠᠯ ᠳᠤ ᠣᠷᠣᠯᠴᠠᠭᠰᠠᠳ | ᠮᠠᠨ ᠤ ᠤᠯᠤᠰ ᠤᠨ ᠲᠦᠬᠦᠭᠡᠷᠦᠮᠵᠢᠲᠦ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ᠂ | ᠮᠠᠰᠢᠨᠴᠢᠯᠠᠯᠲᠠ ᠶᠢᠨ ᠬᠢᠷᠢ ᠲᠦᠪᠰᠢᠨ ᠤ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠣᠶᠢᠯᠠᠭᠠᠪᠠ᠃ ᠡᠭᠦᠨ ᠤ ᠬᠠᠮᠲᠤ᠂ ᠪᠥᠬᠦ ᠤᠯᠤᠰ ᠤᠨ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠮᠡᠳᠡᠭᠡ | ᠵᠠᠩᠭᠢ ᠶᠢ ᠬᠢᠨᠠᠨ ᠬᠡᠮᠵᠢᠬᠦ ᠰᠢᠰᠲ᠋ᠧᠮ ᠤᠨ ᠠᠵᠢᠯᠯᠠᠭᠠᠨ ᠤ ᠶᠠᠪᠤᠴᠠ ᠵᠢᠴᠢ ᠵᠠᠩᠭᠢᠯᠠᠭ᠎ᠠ ᠶᠢᠨ ᠭᠤᠭᠴᠤᠭ᠎ᠠ ᠶᠢ ᠤᠯᠠᠮ | ᠨᠢᠭᠡ ᠠᠯᠬᠤᠮ ᠡᠵᠡᠮᠰᠢᠵᠦ᠂ ᠮᠠᠨ ᠤ ᠣᠷᠣᠨ ᠤ ᠢᠳᠡᠰᠢᠨ ᠨᠣᠭᠤᠭᠠᠨ ᠤ ᠬᠥᠭᠵᠢᠯᠲᠡ ᠶᠢᠨ ᠴᠢᠭᠯᠡᠯ ᠪᠠ ᠲᠤᠭ᠎ᠠ | ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠳᠤ ᠪᠦᠲᠦᠮᠵᠢᠲᠡᠶ ᠠᠷᠭ᠎ᠠ ᠵᠠᠮ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠮᠠᠨ ᠤ ᠬᠢᠨ ᠠᠵᠢᠯ ᠤᠨ ᠪᠣᠳᠠᠲᠠᠢ ᠳᠤ ᠪᠠᠨ ᠰᠠᠭᠤᠷᠢᠯᠠᠨ᠂ ᠰᠣᠷᠣᠭᠰᠠᠨ ᠢᠶᠠᠨ ᠬᠡᠷᠡᠭᠯᠡᠵᠦ᠂ ᠢᠳᠡᠰᠢᠨ | ᠨᠣᠭᠤᠭᠠᠨ ᠤ ᠦᠢᠯᠡᠳᠪᠦᠷᠢᠯᠡᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ᠂ ᠣᠨᠣᠪᠴᠢᠲᠠᠶ᠂ ᠪᠥᠬᠦ ᠲᠠᠯ᠎ᠠ ᠪᠠᠷ | ᠴᠤᠭᠯᠠᠭᠤᠯᠵᠤ᠂ ᠡᠮᠬᠢᠯᠡᠵᠦ᠂ ᠵᠠᠳᠠᠯᠵᠤ᠂ ᠨᠡᠶᠢᠲᠡᠯᠡᠬᠦ ᠪᠠ ᠮᠡᠳᠡᠭᠦᠯᠦᠨ ᠬᠦᠷᠭᠡᠵᠦ᠂ ᠮᠠᠨ ᠤ ᠣᠷᠣᠨ ᠤ ︽ᠢᠳᠡᠰᠢᠨ | ᠨᠣᠭᠤᠭ᠎ᠠ︾ ᠶᠢᠨ ᠢᠨᠵᠧᠨᠧᠷᠢᠩ ᠢ ᠪᠥᠬᠦ ᠲᠠᠯ᠎ᠠ ᠪᠠᠷ ᠰᠠᠶᠢᠲᠤᠷ ᠬᠢᠬᠦ ᠪᠠ ᠢᠳᠡᠰᠢᠨ ᠨᠣᠭᠤᠭᠠᠨ ᠤ | ᠦᠢᠯᠡᠳᠪᠦᠷᠢᠯᠡᠯ ᠤᠨ ᠪᠠᠶᠢᠳᠠᠯ ᠢ ᠡᠵᠡᠮᠰᠢᠬᠦ ᠳᠤ ᠬᠦᠴᠦᠲᠡᠢ ᠪᠠᠲᠤᠯᠠᠭ᠎ᠠ ᠬᠠᠩᠭᠠᠬᠤ ᠪᠤᠯᠤᠨ᠎ᠠ ᠃ | | | | |