ᠨᠢᠭᠡ ᠂ ᠪᠣᠷᠳᠣᠭᠤᠷ ᠣᠷᠣᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠪᠣᠷᠳᠣᠭᠤᠷ ᠣᠷᠣᠭᠤᠯᠬᠤ | ᠵᠠᠷᠴᠢᠮ | ᠰᠠᠭᠠᠭ ᠲᠤ ᠣᠷᠭᠠᠨᠢᠭ ᠪᠣᠷᠳᠣᠭᠤᠷ ᠢ ᠭᠡᠷᠡᠭᠯᠡᠭᠰᠡᠨ ᠨᠢ ᠳᠤᠳᠠᠮᠠᠭ ᠂ ᠴᠢᠨᠠᠭᠰᠢᠯᠠᠪᠠᠯ ᠣᠷᠭᠠᠨᠢᠭ ᠪᠣᠷᠳᠣᠭᠤᠷ ᠢ | ᠬᠡᠷᠡᠭᠯᠡᠬᠦ ᠦᠭᠡᠢ ᠂ ᠠᠽᠣᠲ ᠪᠣᠷᠳᠣᠭᠤᠷ ᠢ ᠶᠡᠭᠡ ᠬᠡᠮᠵᠢᠶ᠎ᠡ ᠪᠠᠷ ᠬᠡᠷᠡᠭᠯᠡᠬᠦ ᠂ ᠺᠠᠯᠢ ᠶᠢᠨ ᠪᠣᠷᠳᠣᠭᠤᠷ ᠢ | ᠦᠨᠳᠦᠰᠦᠨ ᠳᠤ ᠪᠠᠨ ᠬᠡᠷᠡᠭᠯᠡᠬᠦ ᠦᠭᠡᠢ ᠵᠡᠷᠭᠡ ᠭᠤᠣᠯ ᠠᠰᠠᠭᠤᠳᠠᠯ ᠳᠤ ᠴᠢᠭᠯᠡᠭᠦᠯᠦᠨ ᠂ ᠶᠡᠷᠦᠩᠬᠡᠢ ᠳᠤ ᠨᠢ | ᠪᠣᠷᠳᠣᠭᠤᠷ ᠣᠷᠣᠭᠤᠯᠬᠤ ᠲᠠᠯ᠎ᠠ ᠪᠠᠷ ᠳᠣᠣᠷᠠᠬᠢ ᠵᠠᠷᠴᠢᠮ ᠤᠳ ᠢ ᠳᠤᠷᠠᠳᠪᠠ ᠄ | 1.ᠰᠠᠭᠤᠷᠢ ᠪᠣᠷᠳᠣᠭᠤᠷ ᠣᠷᠣᠭᠤᠯᠬᠤ ᠬᠠᠷᠢᠴᠠᠯ ᠢ ᠨᠡᠮᠡᠭᠳᠡᠭᠦᠯᠵᠦ ᠂ ᠮᠦ ᠪᠦᠷᠢ ᠳᠤ 1000~2000 | ᠺᠢᠯᠣᠭ᠍ᠷᠠᠮ ᠣᠷᠣᠭᠤᠯᠪᠠᠯ ᠵᠣᠬᠢᠨ᠎ᠠ ︔ | 2.ᠬᠥᠷᠥᠰᠥ ᠰᠢᠷᠣᠢ ᠶᠢᠨ ᠥᠩ ᠰᠢᠮ᠎ᠡ ᠶᠢᠨ ᠨᠥᠬᠦᠴᠡᠯ ᠢ ᠦᠨᠳᠦᠰᠦᠯᠡᠨ ᠂ ᠠᠽᠣᠲ ᠪᠣᠷᠳᠣᠭᠤᠷ ᠬᠡᠷᠡᠭᠯᠡᠬᠦ | ᠬᠡᠮᠵᠢᠶ᠎ᠡ ᠶᠢ ᠵᠣᠬᠢᠰᠲᠠᠢ ᠪᠠᠷ ᠲᠣᠬᠢᠷᠠᠭᠤᠯᠤᠨ ᠪᠠᠭᠠᠰᠬᠠᠵᠤ ᠂ ᠺᠠᠯᠢ ᠪᠣᠷᠳᠣᠭᠤᠷ ᠣᠷᠣᠭᠤᠯᠤᠨ᠎ᠠ ᠃ | ᠬᠤᠶᠠᠷ ᠂ ᠪᠣᠷᠳᠣᠭᠤᠷ ᠣᠷᠣᠭᠤᠯᠬᠤ ᠰᠠᠨᠠᠭᠤᠯᠭ᠎ᠠ | ︵ ᠳᠣᠣᠷ᠎ᠠ ᠳᠤᠷᠠᠳᠤᠭᠰᠠᠨ ᠪᠣᠷᠳᠣᠭᠤᠷ ᠣᠷᠣᠭᠤᠯᠬᠤ ᠬᠡᠮᠵᠢᠶ᠎ᠡ ᠶᠢ ᠴᠥᠮ ᠴᠡᠪᠡᠷ ᠬᠡᠮᠵᠢᠶ᠎ᠡ ᠪᠠᠷ | ᠪᠠᠶᠢᠯᠭᠠᠬᠤ ᠪᠠᠷ ᠰᠠᠨᠠᠭᠤᠯᠤᠶ᠎ᠠ ︶ | 1. ᠮᠦ ᠪᠦᠷᠢ ᠳᠤ 100~150 ᠺᠢᠯᠣᠭ᠍ᠷᠠᠮ ᠤᠨᠠᠯᠳᠠ ᠲᠠᠢ ᠰᠠᠭᠠᠭ ᠤᠨ ᠳᠠᠷᠢᠶᠠᠨ ᠭᠠᠵᠠᠷ ᠲᠤ᠂ | ᠠᠽᠣᠲ ᠪᠣᠷᠳᠣᠭᠤᠷ ︵ N ︶ 4~7 ᠺᠢᠯᠣᠭ᠍ᠷᠠᠮ ᠂ ᠹᠣᠰᠹᠣᠷ ᠪᠣᠷᠳᠣᠭᠤᠷ ︵ P2O5︶1~5 ᠺᠢᠯᠣᠭ᠍ᠷᠠᠮ ᠂ | ᠺᠠᠯᠢ ᠪᠣᠷᠳᠣᠭᠤᠷ ︵ K2O ︶ 1~3 ᠺᠢᠯᠣᠭ᠍ᠷᠠᠮ ᠭᠡᠷᠡᠭᠯᠡᠵᠦ ᠪᠤᠯᠤᠨ᠎ᠠ ᠃ | 2.ᠰᠠᠭᠠᠭ ᠤᠨ ᠤᠨᠠᠯᠳᠠ ᠨᠢ ᠬᠡᠷᠪᠡ ᠮᠦ ᠪᠦᠷᠢ ᠳᠤ 150 ᠺᠢᠯᠣᠭ᠍ᠷᠠᠮ ᠠᠴᠠ ᠳᠡᠭᠡᠭᠰᠢ ᠪᠠᠶᠢᠪᠠᠯ ᠠᠽᠣᠲ | ᠪᠣᠷᠳᠣᠭᠤᠷ ︵ N ︶ 7~10 ᠺᠢᠯᠣᠭ᠍ᠷᠠᠮ ᠂ ᠹᠣᠰᠹᠣᠷ ᠪᠣᠷᠳᠣᠭᠤᠷ ︵ P2O5 ︶ 5~7 ᠺᠢᠯᠣᠭ᠍ᠷᠠᠮ ᠂ | ᠺᠠᠯᠢ ᠶᠢᠨ ᠪᠣᠷᠳᠣᠭᠤᠷ ︵ K2O ︶ 3~4 ᠺᠢᠯᠣᠭ᠍ᠷᠠᠮ ᠭᠡᠷᠡᠭᠯᠡᠵᠦ ᠪᠤᠯᠤᠨ᠎ᠠ ᠃ | ᠴᠡᠪᠡᠷ ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠶᠢ ᠡᠷᠳᠡᠨᠢ ᠰᠢᠰᠢ ᠶᠢᠨ ᠪᠣᠷᠳᠣᠭᠤᠷ ᠣᠷᠣᠭᠤᠯᠬᠤ | ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠪᠠᠷ ᠯᠠᠪᠯᠠᠯᠲᠠ ᠪᠣᠯᠭᠠᠨ᠎ᠠ᠃ |