ᠨᠢᠭᠡ᠂ ᠲᠥᠷᠥᠯ ᠵᠦᠢᠯ ᠢ ᠰᠣᠩᠭᠤᠬᠤ | ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠭᠰᠠᠨ ︵ᠪᠤᠶᠤ ᠡᠭᠦᠯᠳᠡᠷ ᠣᠷᠣᠭᠤᠯᠵᠤ | ᠳᠠᠩᠰᠠᠯᠠᠭᠰᠠᠨ︶᠂ ᠲᠤᠬᠠᠢ ᠶᠢᠨ ᠭᠠᠵᠠᠷ ᠲᠤ ᠨᠢᠭᠡᠨᠲᠡ ᠳᠠᠷᠢᠭᠰᠠᠨ ᠪᠥᠭᠡᠳ ᠰᠢᠯᠢᠳᠡᠭ ᠰᠠᠶᠢᠨ ᠢᠯᠡᠷᠡᠯ ᠲᠠᠢ | ᠨᠢᠭᠳᠠᠴᠠ ᠰᠠᠶᠢᠳᠠᠢ ᠂ ᠨᠢᠷᠤᠭᠤ ᠪᠦᠬᠡ ᠂ ᠥᠨᠳᠥᠷ ᠤᠨᠠᠯᠲᠠ ᠲᠠᠢ᠂ ᠮᠠᠰᠢᠨ ᠢᠶᠠᠷ ᠨᠠᠷᠢᠯᠢᠭ ᠲᠣᠭᠠᠯᠠᠨ ᠳᠠᠷᠢᠬᠤ ᠪᠠ | ᠮᠠᠰᠢᠨ ᠢᠶᠠᠷ ᠬᠤᠷᠢᠶᠠᠬᠤ ᠳᠤ ᠲᠣᠬᠢᠷᠠᠬᠤ ᠲᠥᠷᠥᠯ ᠵᠦᠢᠯ ᠢ ᠰᠣᠩᠭᠤᠨ᠎ᠠ᠃ ᠦᠷ᠎ᠡ ᠶᠢᠨ ᠮᠥᠬᠦᠯᠢᠭ ᠢ ᠮᠠᠰᠢᠨ ᠢᠶᠠᠷ | ᠰᠢᠭᠤᠳ ᠬᠤᠷᠢᠶᠠᠬᠤ ᠳᠤ ᠡᠭᠦᠯᠳᠡᠷ ᠤᠨ ᠰᠡᠭᠦᠯᠴᠢ ᠶᠢᠨ ᠬᠤᠭᠤᠴᠠᠭᠠᠨ ᠤ ᠤᠰᠤ ᠠᠯᠳᠠᠬᠤ ᠨᠢ ᠬᠤᠷᠳᠤᠨ | ᠪᠠᠶᠢᠬᠤ ᠶᠢ ᠱᠠᠭᠠᠷᠳᠠᠵᠤ ᠂ ᠦᠷᠡᠵᠢᠯ ᠤᠨ ᠬᠤᠭᠤᠴᠠᠭ᠎ᠠ ᠨᠢ ᠲᠤᠬᠠᠢ ᠶᠢᠨ ᠭᠠᠵᠠᠷ ᠤᠨ ᠲᠦᠷᠦᠭᠦᠦ ᠬᠤᠷᠢᠶᠠᠬᠤ | ᠡᠭᠦᠯᠳᠡᠷ ᠤᠨ ᠦᠷᠡᠵᠢᠯ ᠤᠨ ᠬᠤᠭᠤᠴᠠᠭ᠎ᠠ ᠠᠴᠠ 5 — 7 ᠡᠳᠦᠷ ᠣᠬᠤᠷ ︵ᠡᠰᠡᠬᠦᠯ᠎ᠡ ≥10℃ ᠤᠨ | ᠬᠥᠳᠡᠯᠭᠡᠭᠡᠨ ᠤ ᠬᠤᠷᠠᠮᠳᠤᠭᠰᠠᠨ ᠳᠤᠯᠠᠭᠠᠨ ᠤ ᠬᠡᠮᠵᠢᠶ᠎ᠡ ᠨᠢ 150 — 200℃ ᠪᠠᠭ᠎ᠠ ᠪᠠᠶᠢᠬᠤ ᠶᠢ ᠱᠠᠭᠠᠷᠳᠠᠨ᠎ᠠ ᠃ | ᠦᠷ᠎ᠡ ᠶᠢᠨ ᠶᠠᠰᠤ ᠴᠢᠨᠠᠷ ᠨᠢ ︽ ᠠᠮᠤ ᠪᠤᠳᠠᠭᠠᠨ ᠤ ᠲᠠᠷᠢᠮᠠᠯ ᠤᠨ ᠦᠷ᠎ᠡ ᠶᠢᠨ ᠶᠠᠰᠤ ᠴᠢᠨᠠᠷ ᠤᠨ ᠪᠠᠷᠢᠮᠵᠢᠶ᠎ᠠ — | ᠦᠶᠡᠲᠦ ᠠᠮᠤ ᠶᠢᠨ ᠲᠦᠷᠦᠯ ︾ ︵ GB4404.1 ︶ ᠤᠨ ᠲᠠᠩ ᠮᠥᠬᠦᠯᠢᠭ ᠢᠶᠠᠷ ᠲᠠᠷᠢᠬᠤ ᠦᠷ᠎ᠡ ᠶᠢᠨ ᠶᠠᠰᠤ | ᠴᠢᠨᠠᠷ ᠤᠨ ᠲᠤᠬᠠᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠦᠷ᠎ᠡ ᠬᠤᠳᠠᠯᠳᠤᠨ ᠠᠪᠬᠤ ᠳᠤ ᠪᠠᠨ | ᠪᠠᠭᠯᠠᠭᠠᠲᠠᠶ ᠦᠷ᠎ᠡ ᠶᠢ ᠰᠣᠩᠭᠤᠵᠤ ᠬᠤᠳᠠᠯᠳᠤᠨ ᠠᠪᠬᠤ ᠬᠡᠷᠡᠭᠲᠡᠢ ᠃ | ᠬᠤᠶᠠᠷ ᠂ ᠨᠢᠭᠲᠠ ᠳᠠᠷᠢᠵᠤ ᠤᠷᠭᠤᠭᠤᠯᠬᠤ | ᠲᠤᠬᠠᠢ ᠶᠢᠨ ᠭᠠᠵᠠᠷ ᠤᠨ ᠠᠭᠤᠷ ᠠᠮᠢᠰᠬᠤᠯ ᠂ ᠬᠥᠷᠥᠰᠥ ᠰᠢᠷᠣᠢ ᠂ ᠦᠢᠯᠡᠳᠪᠦᠷᠢᠯᠡᠬᠦ ᠨᠥᠬᠦᠴᠡᠯ ᠪᠣᠯᠣᠨ | ᠲᠥᠷᠥᠯ ᠵᠦᠢᠯ ᠤᠨ ᠣᠨᠴᠠᠯᠢᠭ ᠰᠢᠨᠵᠢ ᠂ ᠭᠠᠷᠤᠯᠲᠠ ᠶᠢᠨ ᠬᠠᠷᠠᠯᠲᠠ ᠶᠢ ᠦᠨᠳᠦᠰᠦᠯᠡᠨ ᠂ ᠰᠠᠭᠤᠷᠢ ᠶᠢᠨ ᠮᠥᠷ ᠤᠨ | ᠵᠠᠢ ᠶᠢ ᠵᠦᠢ ᠵᠣᠬᠢᠰᠲᠠᠢ ᠲᠣᠬᠢᠷᠠᠭᠤᠯᠵᠤ ᠂ ᠨᠢᠭᠲᠠᠴᠠ ᠶᠢᠨ ᠲᠣᠬᠢᠷᠠᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ ᠃ ᠡᠩ ᠤᠨ ᠶᠡᠭᠡ ᠲᠠᠷᠢᠶᠠᠨ ᠤ ᠲᠠᠷᠢᠮᠠᠯ ᠤᠨ ᠬᠡᠮᠵᠢᠶ᠎ᠡ ᠨᠢ ᠡᠩ ᠤᠨ ᠨᠢᠭᠲᠠᠴᠠ ᠠᠴᠠ ᠮᠦ ᠪᠦᠷᠢ ᠳᠤ | 500 — 1000 ᠰᠠᠭᠤᠷᠢ ᠨᠡᠮᠡᠭᠳᠡᠨ᠎ᠡ ᠃ ᠡᠭᠦᠨ ᠳᠤ᠂ ᠵᠡᠭᠦᠨ ᠬᠡᠰᠡᠭ ᠤᠨ ᠭᠠᠵᠠᠷ ᠣᠷᠣᠨ ᠤ ᠬᠤᠭᠤᠯᠠᠢ | ︵ᠨᠡᠯᠦᠭᠡᠷ︶ ᠶᠢᠨ ᠤᠰᠤᠯᠠᠯᠲᠠ ᠶᠢᠨ ᠭᠠᠵᠠᠷ ᠲᠤ ᠳᠠᠷᠢᠬᠤ ᠨᠢᠭᠲᠠᠴᠠ ᠨᠢ 5000 — 6000 ᠰᠠᠭᠤᠷᠢ \ ᠮᠦ᠂ | ᠳᠤᠰᠤᠯᠭᠠᠨ ᠤᠰᠤᠯᠠᠬᠤ ᠨᠥᠬᠦᠴᠡᠯ ᠲᠠᠢ ᠭᠠᠵᠠᠷ ᠲᠤ ᠳᠠᠷᠢᠬᠤ ᠨᠢᠭᠲᠠᠴᠠ ᠨᠢ 5500 — 6500 ᠰᠠᠭᠤᠷᠢ | \ ᠮᠦ︔ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠨᠢ ᠬᠡᠷᠡᠯ ᠢᠯᠴᠢ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ᠬᠤᠭᠤᠯᠠᠢ ︵ᠨᠡᠯᠦᠭᠡᠷ︶ ᠤᠰᠤᠯᠠᠯᠲᠠ ᠶᠢᠨ ᠭᠠᠵᠠᠷ ᠲᠤ ᠳᠠᠷᠢᠬᠤ ᠨᠢᠭᠲᠠᠴᠠ ᠨᠢ 5000 — | 6000 ᠰᠠᠭᠤᠷᠢ / ᠮᠦ᠂ ᠳᠤᠰᠤᠯᠭᠠᠨ ᠤᠰᠤᠯᠠᠬᠤ ᠨᠥᠬᠦᠴᠡᠯ ᠲᠠᠢ ᠪᠣᠯ ᠳᠤᠮᠳᠠ ᠪᠠ ᠣᠷᠣᠢ ᠪᠣᠯᠪᠠᠰᠤᠷᠠᠬᠤ | ᠡᠭᠦᠯᠳᠡᠷ ᠢ ᠰᠣᠩᠭᠤᠨ ᠬᠡᠷᠡᠭᠯᠡᠬᠦ ᠳᠤ ᠡᠩ ᠤᠨ ᠳᠠᠷᠢᠬᠤ ᠨᠢᠭᠲᠠᠴᠠ ᠨᠢ 6000 — 7000 ᠰᠠᠭᠤᠷᠢ / ᠮᠦ᠂ | ᠳᠤᠮᠳᠠ ᠪᠠ ᠡᠷᠲᠡ ᠪᠣᠯᠪᠠᠰᠤᠷᠠᠬᠤ ᠡᠭᠦᠯᠳᠡᠷ ᠨᠢ 6500 — 7000 ᠰᠠᠭᠤᠷᠢ / ᠮᠦ ᠪᠣᠯᠣᠨ᠎ᠠ᠃ | ᠭᠤᠷᠪᠠ ᠂ ᠭᠠᠵᠠᠷ ᠢ ᠨᠠᠷᠢᠯᠢᠭ ᠲᠡᠭᠰᠢᠯᠡᠬᠦ | ᠲᠠᠷᠢᠬᠤ ᠠᠴᠠ ᠪᠠᠨ ᠡᠮᠦᠨ᠎ᠡ ᠨᠠᠮᠤᠷ ᠭᠦᠨ ᠤᠷᠪᠠᠭᠤᠯᠬᠤ ᠪᠤᠶᠤ ᠬᠠᠪᠤᠷ ᠭᠦᠨ ᠰᠤᠯᠠᠷᠠᠭᠤᠯᠵᠤ ᠨᠠᠷᠢᠯᠢᠭ | ᠲᠡᠭᠰᠢᠯᠡᠬᠦ ᠠᠷᠭ᠎ᠠ ᠶᠢ ᠬᠡᠷᠡᠭᠯᠡᠨ᠎ᠡ ᠃ ᠤᠷᠪᠠᠭᠤᠯᠬᠤ ᠭᠦᠨ ᠤ ᠬᠡᠮᠵᠢᠶ᠎ᠡ ᠶᠢ 30 ᠰᠠᠨᠲ᠋ᠢᠮᠧᠲᠷ ᠠᠴᠠ ᠳᠣᠣᠷ᠎ᠠ | ᠪᠠᠶᠢᠯᠭᠠᠵᠤ ᠪᠣᠯᠬᠤ ᠦᠭᠡᠢ ᠂ 3 — 4 ᠵᠢᠯ ᠠᠯᠤᠰᠯᠠᠬᠤ ᠪᠦᠷᠢ ᠨᠢᠭᠡ ᠤᠳᠠᠭ᠎ᠠ ᠭᠦᠨ ᠤᠷᠪᠠᠭᠤᠯᠤᠨ᠎ᠠ ︔ | ᠰᠤᠯᠠᠷᠠᠭᠤᠯᠬᠤ ᠭᠦᠨ ᠤ ᠬᠡᠮᠵᠢᠶ᠎ᠡ ᠶᠢ 35 ᠰᠠᠨᠲ᠋ᠢᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠭᠦᠨ | ᠤᠷᠪᠠᠭᠤᠯᠬᠤ ᠦᠭᠡᠢ ᠵᠢᠯ ᠳᠤ ᠭᠦᠨ ᠰᠤᠯᠠᠷᠠᠭᠤᠯᠬᠤ ᠠᠵᠢᠯ ᠬᠢᠨ᠎ᠡ︔ ᠭᠠᠵᠠᠷ ᠢ ᠲᠡᠭᠰᠢᠯᠡᠬᠦ ᠳᠤ ᠴᠢᠭᠢᠭ ᠲᠤ | ᠵᠣᠬᠢᠴᠠᠭᠤᠯᠤᠨ ᠬᠢᠵᠦ᠂ ᠲᠡᠭᠰᠢᠯᠡᠭᠰᠡᠨ ᠭᠠᠵᠠᠷ ᠤᠨ ᠬᠥᠷᠥᠰᠥ ᠶᠢᠨ ᠳᠡᠭᠡᠷ᠎ᠡ ᠨᠢ ᠰᠡᠪᠰᠡᠭᠡᠷ ᠳᠣᠣᠷ᠎ᠠ ᠨᠢ ᠴᠤᠯᠠ | ᠪᠠᠶᠢᠵᠤ᠂ ᠰᠡᠪᠰᠡᠭᠡᠷ ᠰᠢᠷᠣᠢ ᠶᠢᠨ ᠵᠤᠵᠠᠭᠠᠨ ᠨᠢ 5 ᠰᠠᠨᠲ᠋ᠢᠮᠧᠲᠷ ᠠᠴᠠ ᠬᠡᠲᠦᠷᠡᠬᠦ ᠦᠭᠡᠢ ᠪᠠᠶᠢᠵᠤ᠂ ︽ᠵᠢᠭᠳᠡ᠂ | ᠲᠡᠭᠰᠢ᠂ ᠰᠤᠯᠠ᠂ ᠨᠢᠩᠭ᠎ᠠ ᠂ ᠴᠡᠪᠡᠷ᠂ ᠴᠢᠬᠢᠭ︾ ᠭᠡᠬᠦ ᠵᠢᠷᠭᠤᠭᠠᠨ ᠥᠰᠥᠭ ᠤᠨ ᠪᠠᠷᠢᠮᠵᠢᠶ᠎ᠠ ᠳᠤ ᠬᠦᠷᠦᠭᠦᠯᠦᠨ᠎ᠡ᠃ | ᠳᠥᠷᠪᠡ ᠂ ᠮᠠᠰᠢᠨ ᠢᠶᠠᠷ ᠨᠠᠷᠢᠯᠢᠭ ᠲᠠᠷᠢᠬᠤ | ᠨᠠᠬᠢᠶᠠᠯᠠᠬᠤ ᠨᠤᠷᠮ᠎ᠠ ᠨᠢ 96% ᠠᠴᠠ ᠥᠨᠳᠥᠷ ᠰᠢᠯᠢᠳᠡᠭ ᠦᠷ᠎ᠡ ᠶᠢ ᠰᠣᠩᠭᠤᠨ᠎ᠠ ᠃ ᠲᠠᠷᠢᠬᠤ ᠠᠴᠠ | ᠡᠮᠦᠨ᠎ᠡ ᠦᠷ᠎ᠡ ᠶᠢ ᠨᠠᠷᠢᠨ ᠰᠣᠩᠭᠤᠵᠤ ᠲᠡᠰ ᠬᠤᠪᠢᠶᠠᠨ ᠂ ᠮᠥᠬᠦᠯᠢᠭ ᠤᠨ ᠳ᠋ᠢᠶᠠᠮᠧᠲᠷ ᠨᠢ ᠠᠳᠠᠯᠢ ᠶᠢ | ᠨᠢ ᠨᠢᠭᠡᠳᠦᠯᠲᠡᠢ ᠲᠠᠷᠢᠨ᠎ᠠ ︔ ᠵᠠᠮᠴᠢᠯᠠᠬᠤ ᠰᠢᠰᠲ᠋ᠧᠮ ᠢ ᠲᠣᠬᠢᠷᠠᠭᠤᠯᠵᠤ ᠬᠡᠷᠡᠭᠯᠡᠨ᠂ ᠲᠠᠩ ᠮᠥᠬᠦᠯᠢᠭ ᠤᠨ ᠨᠠᠷᠢᠯᠢᠭ | ᠬᠡᠮᠵᠢᠶᠡᠨ ᠤ ᠦᠷ᠎ᠡ ᠰᠠᠴᠤᠬᠤ ᠮᠠᠰᠢᠨ ᠢ ᠬᠡᠷᠡᠭᠯᠡᠵᠦ ᠪᠤᠯᠤᠨ᠎ᠠ᠂ ᠦᠷ᠎ᠡ ᠰᠠᠴᠤᠬᠤ᠂ ᠪᠣᠷᠳᠣᠭᠤᠷ ᠣᠷᠣᠭᠤᠯᠬᠤ᠂ | ᠳᠤᠰᠤᠯᠭᠠᠨ ᠤᠰᠤᠯᠠᠬᠤ ᠪᠦᠰᠡ ᠪᠤᠯᠠᠬᠤ ᠵᠡᠷᠭᠡ ᠶᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ᠪᠣᠷᠳᠣᠭᠤᠷ ᠲᠠᠢ | ᠳᠠᠷᠢᠬᠤ ᠳᠤ ᠪᠠᠨ ᠦᠷ᠎ᠡ ᠂ ᠪᠣᠷᠳᠣᠭᠤᠷ ᠢ ᠰᠠᠯᠭᠠᠬᠤ ᠬᠡᠷᠡᠭᠲᠡᠢ᠃ ᠭᠦᠢᠴᠡᠳ ᠴᠢᠬᠢᠭ ᠂ ᠲᠣᠬᠢᠷᠠᠮᠵᠢᠲᠠᠢ | ᠬᠤᠭᠤᠴᠠᠭᠠᠨ ᠳᠤ ᠲᠠᠷᠢᠬᠤ ᠪᠠ ᠤᠰᠤ ᠳᠤᠰᠤᠯᠭᠠᠨ ᠴᠢᠬᠢ ᠶᠢ ᠵᠡᠷᠭᠡᠴᠡᠭᠦᠯᠬᠦ ᠵᠡᠷᠭᠡ ᠠᠷᠭ᠎ᠠ ᠬᠡᠮᠵᠢᠶ᠎ᠡ ᠶᠢ | ᠠᠪᠬᠤ ᠪᠠᠷ ᠳᠠᠮᠵᠢᠭᠤᠯᠤᠨ ᠂ ᠴᠢᠬᠢ ᠶᠢ ᠵᠢᠭᠳᠡ ᠂ ᠲᠡᠭᠰᠢ᠂ ᠪᠦᠷᠢᠨ ᠪᠦᠲᠦᠨ ᠂ ᠳᠣᠷᠪᠢᠲᠠᠢ ᠪᠠᠶᠢᠯᠭᠠᠬᠤ ᠶᠢ | ᠪᠠᠲᠤᠯᠠᠵᠤ ᠂ ᠰᠦᠷᠦᠭᠵᠢᠯ ᠤᠨ ᠵᠢᠭᠳᠡ ᠬᠡᠮᠵᠢᠶ᠎ᠡ ᠶᠢ ᠳᠡᠭᠡᠭᠰᠢᠯᠡᠭᠦᠯᠦᠨ᠎ᠡ ᠃ | ᠲᠠᠪᠤ ᠂ ᠵᠦᠢ ᠵᠣᠬᠢᠰᠲᠠᠢ ᠳᠤᠰᠤᠯᠭᠠᠨ ᠤᠰᠤᠯᠠᠬᠤ | ᠪᠣᠷᠣᠭᠠᠨ ᠤ ᠬᠡᠮᠵᠢᠶ᠎ᠡ ᠂ ᠤᠰᠤᠯᠠᠯᠲᠠ ᠶᠢᠨ ᠠᠷᠭ᠎ᠠ ᠮᠠᠶ᠋ᠢᠭ ᠂ ᠬᠥᠷᠥᠰᠥᠨ ᠤ ᠴᠢᠭᠢᠭ ᠤᠨ ᠪᠠᠶᠢᠳᠠᠯ ᠪᠠ ᠤᠰᠤ | ᠬᠠᠳᠠᠭᠠᠯᠠᠬᠤ ᠴᠢᠳᠠᠪᠤᠷᠢ ᠵᠡᠷᠭᠡ ᠡᠯᠧᠮᠧᠨ᠋ᠲ ᠢ ᠦᠨᠳᠦᠰᠦᠯᠡᠵᠦ ᠤᠰᠤᠯᠠᠯᠲᠠ ᠶᠢᠨ ᠲᠤᠭ᠎ᠠ ᠪᠠ ᠤᠰᠤᠯᠠᠯᠲᠠ ᠶᠢᠨ | ᠬᠡᠮᠵᠢᠶ᠎ᠡ ᠶᠢ ᠲᠣᠭᠲᠠᠭᠠᠨ᠎ᠠ ᠃ ᠶᠡᠷᠦ ᠳᠤ ᠪᠠᠨ ᠳᠠᠷᠢᠭᠰᠠᠨ ᠤ ᠳᠠᠷᠠᠭᠠᠬᠢ 3 ᠡᠳᠦᠷ ᠤᠨ ᠳᠣᠲᠣᠷ᠎ᠠ ᠂ ᠳᠤᠰᠤᠯᠭᠠᠨ | ᠤᠰᠤᠯᠠᠬᠤ ᠪᠦᠰᠡ ᠪᠠᠷ ᠨᠢᠭᠡ ᠤᠳᠠᠭ᠎ᠠ ᠳᠤᠰᠤᠯᠭᠠᠨ ᠤᠰᠤᠯᠠᠨ᠎ᠠ ᠂ ᠤᠰᠤᠯᠠᠬᠤ ᠬᠡᠮᠵᠢᠶ᠎ᠡ ᠨᠢ 15 — | 20m3/ ᠮᠦ ᠂ ᠴᠢᠭᠢᠭᠲᠦᠭᠦᠯᠵᠦ ᠦᠩᠭᠡᠷᠡᠭᠰᠡᠨ ᠳᠠᠷᠢᠬᠤ ᠵᠠᠮ ᠨᠢ 5cm ᠣᠷᠴᠢᠮ ᠪᠠᠶᠢᠪᠠᠯ ᠵᠣᠬᠢᠨ᠎ᠠ ᠂ | ᠳᠤᠰᠤᠯᠭᠠᠵᠤ ᠴᠢᠬᠢ ᠭᠠᠷᠭᠠᠬᠤ ᠪᠠᠷ ᠳᠠᠮᠵᠢᠨ ᠴᠢᠬᠢ ᠶᠢᠨ ᠶᠠᠰᠤ ᠴᠢᠨᠠᠷ ᠪᠠ ᠵᠢᠭᠳᠡ ᠬᠡᠮᠵᠢᠶ᠎ᠡ ᠶᠢ ᠪᠠᠲᠤᠯᠠᠨ᠎ᠠ ᠃ | ᠬᠦᠴᠦᠨ ᠲᠠᠢ ᠬᠤᠷ᠎ᠠ ᠲᠤᠨᠤᠳᠠᠰᠤ ᠶᠢᠨ ᠬᠡᠮᠵᠢᠶ᠎ᠡ ᠨᠡᠯᠢᠶᠡᠳ ᠭᠦᠢᠴᠡᠳ ᠂ ᠬᠥᠷᠥᠰᠥ ᠰᠢᠷᠣᠢ ᠶᠢᠨ ᠤᠰᠤ | ᠪᠣᠷᠳᠣᠭᠤᠷ ᠢ ᠬᠠᠳᠠᠭᠠᠯᠠᠬᠤ ᠪᠠᠷ ᠰᠠᠶᠢᠨ ᠭᠠᠵᠠᠷ ᠤᠨ ᠦᠷᠡᠵᠢᠯ ᠤᠨ ᠬᠤᠭᠤᠴᠠᠭ᠎ᠠ ᠨᠢ ᠶᠡᠷᠦ ᠳᠤ ᠪᠠᠨ ᠳᠠᠷᠢᠭᠰᠠᠨ ᠤ | ᠳᠠᠷᠠᠭᠠᠬᠢ 3 ᠡᠳᠦᠷ ᠤᠨ ᠳᠣᠲᠣᠷ᠎ᠠ ᠂ ᠰᠠᠯᠠᠭᠠᠯᠠᠬᠤ ᠬᠤᠭᠤᠴᠠᠭ᠎ᠠ ︵ 6 ᠨᠠᠪᠴᠢ ᠳᠡᠯᠭᠡᠬᠦ ︶ ᠂ ᠪᠠᠭ᠎ᠠ ᠲᠡᠯᠪᠡᠭᠡᠯᠡᠬᠦ | ᠬᠤᠭᠤᠴᠠᠭ᠎ᠠ ︵9 ᠨᠠᠪᠴᠢ ᠳᠡᠯᠭᠡᠬᠦ ︶ ᠂ ᠶᠡᠭᠡ ᠲᠡᠯᠪᠡᠭᠡᠯᠡᠬᠦ ᠬᠤᠭᠤᠴᠠᠭ᠎ᠠ ︵ 12 ᠨᠠᠪᠴᠢ ᠳᠡᠯᠭᠡᠬᠦ ︶ ᠂ ᠡᠷ᠎ᠡ | ᠲᠦᠷᠦᠭᠦᠳᠡᠬᠦ ᠬᠤᠭᠤᠴᠠᠭ᠎ᠠ ᠂ ᠮᠢᠨᠳᠠᠰᠤ ᠪᠥᠭᠡᠯᠵᠢᠬᠦ ᠬᠤᠭᠤᠴᠠᠭ᠎ᠠ ᠂ ᠡᠭᠡᠳᠡᠩ ᠴᠢᠳᠬᠤᠬᠤ ᠬᠤᠭᠤᠴᠠᠭ᠎ᠠ ︵ | ᠮᠢᠨᠳᠠᠰᠤ ᠪᠥᠭᠡᠯᠵᠢᠭᠰᠡᠨ ᠤ ᠳᠠᠷᠠᠭᠠᠬᠢ 15 ᠡᠳᠦᠷ ︶ ᠂ ᠰᠦ ᠪᠣᠯᠪᠠᠰᠤᠷᠠᠬᠤ ᠬᠤᠭᠤᠴᠠᠭ᠎ᠠ ︵ ᠮᠢᠨᠳᠠᠰᠤ | ᠪᠥᠭᠡᠯᠵᠢᠭᠰᠡᠨ ᠤ ᠳᠠᠷᠠᠭᠠᠬᠢ 30 ᠡᠳᠦᠷ ︶ ᠳᠤ 6 ᠤᠳᠠᠭ᠎ᠠ ᠠᠴᠠ 8 ᠤᠳᠠᠭ᠎ᠠ ᠳᠤᠰᠤᠯᠭᠠᠨ ᠤᠰᠤᠯᠠᠵᠤ ᠂ | ᠤᠳᠠᠭ᠎ᠠ ᠪᠦᠷᠢ ᠶᠢᠨ ᠤᠰᠤᠯᠠᠬᠤ ᠤᠰᠤᠨ ᠤ ᠬᠡᠮᠵᠢᠶ᠎ᠡ ᠨᠢ 20 — 30m3/ ᠮᠦ ᠳᠤ ᠬᠦᠷᠦᠨ᠎ᠡ︔ ᠬᠦᠴᠦᠨ | ᠲᠠᠢ ᠬᠤᠷ᠎ᠠ ᠲᠤᠨᠤᠳᠠᠰᠤ ᠶᠢᠨ ᠬᠡᠮᠵᠢᠶ᠎ᠡ ᠪᠠᠷ ᠭᠦᠢᠴᠡᠳ ᠪᠤᠰᠤ ᠪᠤᠶᠤ ᠤᠰᠤ ᠪᠣᠷᠳᠣᠭᠤᠷ ᠬᠠᠳᠠᠭᠠᠯᠠᠬᠤ ᠦᠷ᠎ᠡ | ᠠᠰᠢᠭ ᠢᠶᠠᠷ ᠪᠠᠷᠤᠭᠲᠠᠢ ᠭᠠᠵᠠᠷ ᠲᠤ ᠳᠤᠰᠤᠯᠭᠠᠨ ᠤᠰᠤᠯᠠᠬᠤ ᠲᠤᠭ᠎ᠠ ᠪᠠ ᠳᠤᠰᠤᠯᠭᠠᠨ ᠤᠰᠤᠯᠠᠬᠤ ᠬᠡᠮᠵᠢᠶ᠎ᠡ ᠶᠢ | ᠵᠣᠬᠢᠰᠲᠠᠢ ᠨᠡᠮᠡᠭᠳᠡᠭᠦᠯᠵᠦ ᠪᠣᠯᠣᠨ᠎ᠠ ᠃ | ᠵᠢᠷᠭᠤᠭ᠎ᠠ ᠂ ᠬᠤᠭᠤᠴᠠᠭ᠎ᠠ ᠬᠤᠪᠢᠶᠠᠨ ᠪᠣᠷᠳᠣᠭᠤᠷ ᠣᠷᠣᠭᠤᠯᠬᠤ | ᠡᠷᠳᠡᠨᠢ ᠰᠢᠰᠢ ᠶᠢᠨ ᠤᠨᠠᠯᠲᠠ ᠶᠢᠨ ᠬᠠᠷᠠᠯᠲᠠ ᠪᠠ ᠭᠠᠵᠠᠷ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠨ | ᠬᠥᠷᠥᠰᠥ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠤᠨ᠎ᠠ ᠃ ᠨᠥᠬᠦᠴᠡᠯ ᠲᠠᠢ ᠭᠠᠵᠠᠷ ᠣᠷᠣᠨ ᠳᠤ ᠮᠦ | ᠪᠦᠷᠢ ᠳᠤ 2— 3 ᠲᠣᠨ ᠴᠢᠨᠠᠷ ᠰᠠᠶᠢᠲᠠᠢ ᠣᠷᠭᠠᠨᠢᠭ ᠪᠣᠷᠳᠣᠭᠤᠷ ᠪᠤᠶᠤ ᠨᠠᠷᠢᠯᠢᠭ ᠣᠷᠭᠠᠨᠢᠭ ᠪᠣᠷᠳᠣᠭᠤᠷ 1 | ᠲᠣᠨ ᠣᠷᠴᠢᠮ ᠣᠷᠣᠭᠤᠯᠵᠤ ᠪᠣᠯᠣᠨ᠎ᠠ ᠃ ᠭᠤᠤᠷᠰᠤ ᠪᠠᠷ ᠤᠰᠤᠯᠠᠬᠤ ᠭᠠᠵᠠᠷ ᠲᠤ ᠬᠤᠶᠠᠷ ᠤᠳᠠᠭ᠎ᠠ ᠪᠣᠷᠳᠣᠭᠤᠷ | ᠣᠷᠣᠭᠤᠯᠵᠤ ᠪᠣᠯᠣᠨ᠎ᠠ ᠂ ᠳᠠᠷᠤᠢ ᠪᠦᠬᠦ ᠹᠣᠰᠹᠣᠷ ᠪᠣᠷᠳᠣᠭᠤᠷ ᠂ 30% — 40% ᠶᠢᠨ ᠠᠽᠣᠲ ᠪᠣᠷᠳᠣᠭᠤᠷ | ︵ᠬᠡᠷᠪᠡ ᠦᠷ᠎ᠡ ᠶᠢᠨ ᠪᠣᠷᠳᠣᠭᠤᠷ ᠲᠠᠢ ᠪᠣᠯ ᠬᠡᠷᠡᠭᠯᠡᠬᠦ ᠬᠡᠮᠵᠢᠶ᠎ᠡ ᠶᠢ ᠨᠢ ᠵᠣᠬᠢᠬᠤ ᠬᠡᠮᠵᠢᠶ᠎ᠡ ᠪᠠᠷ ᠪᠠᠭᠠᠰᠬᠠᠵᠤ ᠪᠣᠯᠣᠨ᠎ᠠ ︶ | ᠪᠠ 70% ᠶᠢᠨ ᠺᠠᠯᠢ ᠪᠣᠷᠳᠣᠭᠤᠷ ᠢᠶᠠᠷ ᠰᠠᠭᠤᠷᠢ ᠪᠣᠷᠳᠣᠭᠤᠷ ᠪᠣᠯᠭᠠᠨ ᠣᠷᠣᠭᠤᠯᠵᠤ ᠂ ᠦᠯᠡᠳᠡᠭᠰᠡᠨ | ᠪᠣᠷᠳᠣᠭᠤᠷ ᠢ ᠪᠦᠷᠢᠶᠡᠨ ᠤ ᠠᠮᠠᠰᠠᠷ ᠤᠨ ᠬᠤᠭᠤᠴᠠᠭᠠᠨ ᠠᠴᠠ ᠡᠮᠦᠨ᠎ᠡ ᠨᠢᠭᠡ ᠯᠡ ᠤᠳᠠᠭ᠎ᠠ ᠳᠤ ᠮᠠᠰᠢᠨ ᠢᠶᠠᠷ ᠨᠡᠮᠡᠵᠦ | ᠣᠷᠣᠭᠤᠯᠤᠨ᠎ᠠ ᠃ ᠪᠠᠰᠠ ᠠᠯᠭᠤᠷ ᠬᠢᠵᠠᠭᠠᠷᠯᠠᠬᠤ ᠪᠣᠷᠳᠣᠭᠤᠷ ᠬᠡᠷᠡᠭᠯᠡᠵᠦ ᠂ ᠪᠣᠷᠳᠣᠭᠤᠷ ᠤᠨ ᠦᠢᠯᠡᠳᠦᠯ ᠬᠢᠭᠡᠳ | ᠠᠭᠤᠯᠤᠭᠳᠠᠴᠠ ᠶᠢ ᠨᠢ ᠦᠨᠳᠦᠰᠦᠯᠡᠨ ᠪᠣᠷᠳᠣᠭᠤᠷ ᠣᠷᠣᠭᠤᠯᠬᠤ ᠬᠡᠮᠵᠢᠶ᠎ᠡ ᠶᠢ ᠨᠢ ᠲᠣᠭᠲᠠᠭᠠᠵᠤ ᠂ ᠨᠢᠭᠡ ᠯᠡ | ᠤᠳᠠᠭ᠎ᠠ ᠬᠡᠷᠡᠭᠯᠡᠬᠦ ᠮᠠᠰᠢᠨ ᠢᠶᠠᠷ ᠪᠣᠷᠳᠣᠭᠤᠷ ᠣᠷᠣᠭᠤᠯᠬᠤ ᠶᠢ ᠪᠡᠶᠡᠯᠡᠭᠦᠯᠵᠦ ᠪᠣᠯᠣᠨ᠎ᠠ ᠃ ᠳᠤᠰᠤᠯᠭᠠᠨ ᠤᠰᠤᠯᠠᠬᠤ | ᠭᠠᠵᠠᠷ ᠲᠤ ᠤᠰᠤᠨ ᠳᠤᠰᠤᠯ ᠲᠠᠢ ᠬᠠᠮᠲᠤ ᠪᠣᠷᠳᠣᠭᠤᠷ ᠤᠷᠤᠭᠤᠯᠤᠨ᠎ᠠ᠂ ᠡᠭᠦᠨ ᠳᠤ ᠦᠷ᠎ᠡ ᠶᠢᠨ ᠪᠣᠷᠳᠣᠭᠤᠷ | ᠬᠡᠷᠡᠭᠯᠡᠬᠦ ᠬᠡᠮᠵᠢᠶ᠎ᠡ ᠄ ᠴᠡᠪᠡᠷ ᠠᠽᠣᠲ ︵ N ︶ 3 — 5kg / ᠮᠦ ᠂ ᠴᠡᠪᠡᠷ ᠹᠣᠰᠹᠣᠷ ︵ P2O5 ︶ 5 | — 7kg /ᠮᠦ ᠂ ᠴᠡᠪᠡᠷ ᠺᠠᠯᠢ ︵ K2O ︶ 3 — 5kg / ᠮᠦ ︔ ᠨᠡᠮᠡᠯᠲᠡ ᠪᠣᠷᠳᠣᠭᠤᠷ ᠬᠡᠷᠡᠭᠯᠡᠬᠦ | ᠬᠡᠮᠵᠢᠶ᠎ᠡ ᠄ ᠤᠰᠤᠨ ᠳᠤᠰᠤᠯ ᠢ ᠲᠠᠭᠠᠨ 5~7 ᠤᠳᠠᠭ᠎ᠠ ᠪᠣᠷᠳᠣᠭᠤᠷ ᠣᠷᠣᠭᠤᠯᠵᠤ ᠂ ᠴᠡᠪᠡᠷ ᠠᠽᠣᠲ ︵ N ︶ ᠢ | 15 — 17kg / ᠮᠦ ᠂ ᠹᠣᠰᠹᠣᠷ ︵ P2O5 ︶ ᠢ 3 — 5kg/ᠮᠦ ᠂ ᠺᠠᠯᠢ ︵ K2O ︶ ᠶᠢ 5 | — 7kg /ᠮᠦ ᠨᠡᠮᠡᠵᠦ ᠣᠷᠣᠭᠤᠯᠤᠨ᠎ᠠ ᠃ | ᠳᠣᠯᠤᠭ᠎ᠠ᠂ ᠬᠢᠮᠢ ᠶᠢᠨ ᠡᠵᠡᠮᠰᠢᠯ ᠢᠶᠠᠷ ᠨᠠᠯᠠᠨ ᠤᠨᠠᠬᠤ ᠠᠴᠠ ᠰᠡᠷᠭᠡᠶᠢᠯᠡᠬᠦ | ᠨᠢᠭᠲᠠᠴᠠ ᠨᠢ 4500 ᠰᠠᠭᠤᠷᠢ / ᠮᠦ ᠠᠴᠠ ᠶᠡᠭᠡ᠂ ᠥᠰᠦᠯᠲᠡ ᠨᠢ ᠬᠡᠲᠦ ᠰᠠᠶᠢᠨ᠂ ᠡᠭᠦᠯᠳᠡᠷ ᠤᠨ | ᠤᠨᠠᠬᠤ ᠶᠢ ᠳᠠᠭᠠᠭᠠᠬᠤ ᠴᠢᠨᠠᠷ ᠢᠶᠠᠷ ᠠᠨᠠᠢ ᠪᠠ ᠨᠠᠯᠠᠨ ᠤᠨᠠᠬᠤ ᠪᠠᠶᠢᠳᠠᠯ ᠦᠷᠭᠦᠯᠵᠢ ᠡᠭᠦᠰᠳᠡᠭ ᠭᠠᠵᠠᠷ ᠣᠷᠣᠨ ᠤ | ᠬᠡᠰᠡᠭ ᠭᠠᠵᠠᠷ ᠲᠤ ᠡᠷᠳᠡᠨᠢ ᠰᠢᠰᠢ ᠶᠢᠨ 6 — 8 ᠶᠢᠨ ᠨᠠᠪᠴᠢᠨ ᠤ ᠬᠤᠭᠤᠴᠠᠭᠠᠨ ᠳᠤ ᠬᠢᠮᠢ ᠶᠢᠨ ᠡᠵᠡᠮᠰᠢᠯ ᠤᠨ | ᠡᠮ ᠢ ᠰᠦᠷᠴᠢᠵᠦ ᠪᠣᠯᠣᠨ᠎ᠠ᠂ ᠵᠢᠱᠢᠶᠡᠯᠡᠪᠡᠯ ᠢᠦᠢ ᠬᠤᠸᠠᠩ ᠶᠢᠨ ᠂ ᠲᠣᠨ ᠲᠢᠶᠠᠨ ᠪᠤᠤ᠂ ᠤᠰᠤᠮᠠᠭ ᠡᠲ᠋ᠧᠨ | ᠵᠡᠷᠭᠡ ᠶᠢ ᠰᠦᠷᠴᠢᠵᠦ᠂ ᠰᠠᠭᠤᠷᠢ ᠬᠡᠰᠡᠭ ᠤᠨ ᠦᠶ᠎ᠡ ᠶᠢᠨ ᠤᠷᠲᠤ ᠶᠢᠨ ᠬᠡᠮᠵᠢᠶ᠎ᠡ ᠶᠢ ᠬᠢᠵᠠᠭᠠᠷᠯᠠᠵᠤ᠂ ᠡᠰᠢ | ᠰᠦᠷᠡᠯ ᠤᠨ ᠬᠦᠴᠦᠯᠡᠴᠡ ᠶᠢ ᠨᠡᠮᠡᠭᠳᠡᠭᠦᠯᠦᠨ ᠨᠠᠯᠠᠨ ᠤᠨᠠᠬᠤ ᠶᠢ ᠤᠷᠢᠳᠴᠢᠯᠠᠨ ᠰᠡᠷᠭᠡᠶᠢᠯᠡᠨ᠎ᠡ᠃ | ᠨᠠᠢᠮᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ | ᠴᠢᠬᠢᠯᠡᠬᠦ ᠬᠤᠭᠤᠴᠠᠭᠠᠨ ᠤ ᠬᠤᠣᠷᠲᠤ ᠬᠤᠷᠣᠬᠠᠢ ᠶᠢ ᠭᠤᠣᠯᠳᠠᠭᠤ ᠦᠷ᠎ᠡ ᠶᠢᠨ ᠪᠠᠭᠯᠠᠭ᠎ᠠ ᠪᠠᠷ ᠰᠡᠷᠭᠡᠶᠢᠯᠡᠨ | ᠡᠵᠡᠮᠳᠡᠵᠦ ᠂ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠥᠨᠳᠥᠷ | ᠭᠠᠵᠠᠷ ᠤᠨ ᠵᠠᠪᠰᠠᠷ ᠲᠠᠢ ᠡᠮ ᠰᠦᠷᠴᠢᠬᠦ ᠮᠠᠰᠢᠨ ᠪᠤᠶᠤ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ | ᠨᠢᠰᠬᠡᠯ ᠢᠶᠠᠷ ᠡᠮ ᠰᠦᠷᠴᠢᠨ ᠰᠡᠷᠭᠡᠶᠢᠯᠡᠨ ᠵᠠᠰᠠᠵᠤ ᠪᠣᠯᠣᠨ᠎ᠠ ᠃ | ᠶᠢᠰᠦ ᠂ ᠮᠠᠰᠢᠨᠴᠢᠯᠠᠯᠲᠠ ᠪᠠᠷ ᠬᠤᠷᠢᠶᠠᠬᠤ | ᠲᠠᠷᠢᠮᠠᠯ ᠤᠨ ᠮᠥᠷ ᠤᠨ ᠵᠠᠢ ᠵᠢᠴᠢ ᠠᠵᠢᠯ ᠤᠨ ᠶᠠᠰᠤ ᠴᠢᠨᠠᠷ ᠤᠨ ᠱᠠᠭᠠᠷᠳᠠᠯᠭ᠎ᠠ ᠶᠢ ᠦᠨᠳᠦᠰᠦᠯᠡᠨ | ᠲᠣᠬᠢᠷᠠᠮᠵᠢᠲᠠᠢ ᠬᠤᠷᠢᠶᠠᠬᠤ ᠮᠠᠰᠢᠨ ᠢ ᠰᠣᠩᠭᠤᠬᠤ ᠬᠡᠷᠡᠭᠲᠡᠢ᠃ ᠡᠷᠳᠡᠨᠢ ᠰᠢᠰᠢ ᠨᠢ ᠪᠦᠷᠢᠨ ᠪᠣᠯᠪᠠᠰᠤᠷᠠᠭᠰᠠᠨ | ︵ᠮᠦᠬᠦᠯᠢᠭ ᠰᠦᠨ ᠤᠳᠠᠰᠤ ᠪᠦᠷᠢᠮᠦᠰᠦᠨ ᠠᠷᠢᠯᠵᠤ᠂ ᠰᠠᠭᠤᠷᠢ ᠬᠡᠰᠡᠭ ᠲᠤ ᠬᠠᠷ᠎ᠠ ᠳᠠᠪᠬᠤᠷᠭ᠎ᠠ ᠢᠯᠡᠷᠡᠬᠦ︶ ᠤ | ᠳᠠᠷᠠᠭ᠎ᠠ ᠵᠢᠮᠢᠰ ᠤᠨ ᠲᠦᠷᠦᠭᠦᠦ ᠶᠢ ᠬᠤᠷᠢᠶᠠᠵᠤ ᠪᠣᠯᠣᠨ᠎ᠠ ᠂ ᠬᠤᠷᠢᠶᠠᠭᠰᠠᠨ ᠤ ᠳᠠᠷᠠᠭ᠎ᠠ ᠴᠠᠭ ᠲᠤᠬᠠᠢ ᠳᠤ ᠨᠢ | ᠬᠠᠲᠠᠭᠠᠵᠤ ᠬᠥᠮᠥᠷᠭᠡ ᠳᠤ ᠬᠠᠳᠠᠭᠠᠯᠠᠨ᠎ᠠ ᠃ ᠦᠷ᠎ᠡ ᠶᠢᠨ ᠮᠥᠬᠦᠯᠢᠭ ᠢ ᠮᠠᠰᠢᠨ ᠢᠶᠠᠷ ᠰᠢᠭᠤᠳ ᠬᠤᠷᠢᠶᠠᠬᠤ ᠨᠢ | ᠪᠣᠯᠪᠠᠰᠤᠷᠠᠭᠰᠠᠨ ᠤ ᠳᠠᠷᠠᠭ᠎ᠠ 2 — 4 ᠭᠠᠷᠠᠭ ᠤᠨ ᠳᠣᠲᠣᠷ᠎ᠠ ᠦᠷ᠎ᠡ ᠶᠢᠨ ᠮᠥᠬᠦᠯᠢᠭ ᠤᠨ ᠤᠰᠤᠨ ᠤ | ᠠᠭᠤᠯᠤᠭᠳᠠᠴᠠ ᠶᠢ 25% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠦᠶ᠎ᠡ ᠳᠤ ᠂ ᠬᠠᠮ ᠬᠤᠷᠢᠶᠠᠬᠤ | ᠮᠠᠰᠢᠨ ᠢᠶᠠᠷ ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ ᠶᠢᠨ ᠬᠠᠮᠲᠤ ᠡᠰᠢ ᠰᠦᠷᠡᠯ ᠢ ᠬᠡᠮᠬᠡᠯᠦᠨ | ᠰᠢᠢᠳᠪᠦᠷᠢᠯᠡᠨ᠎ᠡ ᠃ ᠬᠤᠷᠢᠶᠠᠭᠰᠠᠨ ᠤ ᠳᠠᠷᠠᠭ᠎ᠠ᠂ ᠦᠷ᠎ᠡ ᠶᠢ ᠨᠢ ᠴᠠᠭ ᠲᠤᠬᠠᠢ ᠳᠤ ᠨᠢ ᠬᠠᠳᠠᠭᠠᠵᠤ ᠬᠠᠳᠠᠭᠠᠯᠠᠬᠤ | ᠪᠤᠶᠤ ᠪᠣᠷᠣᠯᠠᠭᠤᠯᠬᠤ ᠬᠡᠷᠡᠭᠲᠡᠢ᠃ | ᠠᠷᠪᠠ ᠂ ᠡᠰᠢ ᠰᠦᠷᠡᠯ ᠢ ᠠᠰᠢᠭᠯᠠᠬᠤ | ᠡᠪᠡᠰᠦ ᠪᠣᠷᠳᠤᠭ᠎ᠠ ᠶᠢ ᠲᠡᠭᠦᠵᠦ ᠪᠣᠭᠤᠵᠢᠯᠠᠬᠤ ᠮᠠᠰᠢᠨ ᠢᠶᠠᠷ ᠡᠰᠢ ᠰᠦᠷᠡᠯ ᠢ ᠪᠣᠭᠤᠵᠢᠯᠠᠵᠤ ᠪᠣᠷᠳᠤᠭ᠎ᠠ | ᠪᠣᠯᠭᠠᠨ᠎ᠠ ︔ ᠡᠰᠡᠬᠦᠯ᠎ᠡ ᠡᠰᠢ ᠰᠦᠷᠡᠯ ᠢ ᠲᠠᠷᠢᠶᠠᠨ ᠳᠤ ᠣᠷᠣᠭᠤᠯᠬᠤ ᠮᠠᠰᠢᠨ ᠢᠶᠠᠷ ᠡᠰᠢ ᠰᠦᠷᠡᠯ ᠢ 3 — 5 | ᠰᠠᠨᠲ᠋ᠢᠮᠧᠲᠷ ᠪᠣᠯᠲᠠᠯ᠎ᠠ ᠬᠡᠮᠬᠡᠯᠬᠦ ᠶᠢᠨ ᠬᠠᠮᠲᠤ ᠤᠷᠪᠠᠭᠤᠯᠬᠤ ᠠᠨᠵᠢᠰᠤ ᠪᠠᠷ 30 ᠰᠠᠨᠲ᠋ᠢᠮᠧᠲᠷ ᠤᠷᠪᠠᠭᠤᠯᠤᠨ | ᠬᠠᠭᠠᠯᠪᠤᠷᠢᠯᠠᠵᠤ ᠲᠠᠷᠢᠶᠠᠨ ᠳᠤ ᠪᠤᠴᠠᠭᠠᠨ᠎ᠠ ᠃ ᠡᠰᠡᠬᠦᠯ᠎ᠡ ᠡᠰᠢ ᠰᠦᠷᠡᠯ ᠢ ᠲᠠᠷᠢᠶᠠᠨ ᠳᠤ ᠪᠦᠷᠭᠦᠭᠦᠯᠦᠨ ᠬᠠᠶᠠᠵᠤ᠂ | ᠳᠠᠷᠠᠭ᠎ᠠ ᠵᠢᠯ ᠳᠤ ᠨᠢ ᠬᠠᠭᠠᠯᠪᠤᠷᠢᠯᠠᠬᠤ ᠦᠭᠡᠢ ᠪᠠᠷ ᠳᠠᠷᠢᠬᠤ ᠮᠠᠰᠢᠨ ᠢᠶᠠᠷ ᠬᠠᠭᠠᠯᠪᠤᠷᠢᠯᠠᠬᠤ ᠦᠭᠡᠢ ᠪᠠᠷ ᠳᠠᠷᠢᠨ᠎ᠠ᠃ | | | | |