ᠲᠠᠷᠢᠶᠠᠨ ᠭᠠᠵᠠᠷ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠵᠡᠭᠦᠨ | ᠭᠠᠷᠤᠨ ᠬᠤᠶᠢᠲᠦ ᠬᠤᠰᠢᠭᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠢᠳᠡᠪᠬᠢᠲᠠᠢ ᠥᠷᠨᠢᠭᠦᠯᠵᠦ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠶᠠᠰᠤ | ᠴᠢᠨᠠᠷ ᠢ ᠬᠢᠨᠠᠨ ᠬᠡᠮᠵᠢᠬᠦ ᠰᠦᠯᠵᠢᠶᠡᠨ ᠤ ᠰᠢᠰᠲ᠋ᠧᠮ ᠢ ᠤᠯᠠᠮ ᠪᠦᠷᠢᠨᠰᠢᠬᠦᠯᠦᠨ ᠪᠠᠶᠢᠭᠤᠯᠪᠠ ᠃ | ᠣᠶᠢᠯᠠᠭᠠᠭᠰᠠᠨ ᠢᠶᠠᠷ ᠂ ᠬᠤᠷᠴᠢᠨ ᠵᠡᠭᠦᠨ ᠭᠠᠷᠤᠨ ᠬᠤᠶᠢᠲᠦ ᠬᠤᠰᠢᠭᠤ ︽ᠭᠤᠣᠯᠳᠠᠯᠭ᠎ᠠ ᠲᠠᠢ ᠰᠢᠶᠠᠩ | ᠪᠠᠯᠭᠠᠰᠤ᠂ ᠭᠤᠣᠯ ᠪᠣᠯᠬᠤ ᠲᠠᠷᠢᠶᠠᠨ ᠭᠠᠵᠠᠷ ᠤᠨ ᠬᠥᠷᠥᠰᠥ ᠰᠢᠷᠤᠢ ᠶᠢᠨ ᠲᠥᠷᠥᠯ ᠬᠡᠯᠪᠡᠷᠢ ᠶᠢ ᠬᠠᠮᠤᠷᠥᠭᠤᠯᠬᠤ︾ | ᠵᠠᠷᠴᠢᠮ ᠶᠣᠰᠣᠭᠠᠷ᠂ ᠬᠦᠷᠦᠰᠦᠨ ᠤ ᠲᠥᠷᠥᠯ ᠬᠡᠯᠪᠡᠷᠢ᠂ ᠲᠠᠷᠢᠮᠠᠯ ᠤᠨ ᠲᠥᠷᠢᠮ᠂ ᠤᠨᠠᠯᠲᠠ ᠶᠢᠨ ᠭᠡᠮᠵᠢᠶ᠎ᠡ᠂ | ᠲᠠᠷᠢᠶᠠᠨ ᠭᠠᠵᠠᠷ ᠤᠨ ᠣᠷᠴᠢᠨ ᠲᠤᠭᠤᠷᠢᠨ ᠤ ᠪᠠᠶᠢᠳᠠᠯ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ | ᠬᠠᠮᠠᠭᠠᠯᠠᠯᠲᠠ ᠶᠢᠨ ᠲᠦᠪᠰᠢᠨ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠬᠢᠨᠠᠨ ᠬᠡᠮᠵᠢᠬᠦ ᠴᠡᠭ | ᠪᠠᠶᠢᠷᠢᠯᠠᠭᠤᠯᠤᠨ ᠂ ᠬᠢᠨᠠᠨ ᠬᠡᠮᠵᠢᠬᠦ ᠴᠡᠭ ᠤᠨ ᠲᠥᠯᠥᠭᠡᠯᠡᠬᠦ ᠴᠢᠨᠠᠷ ᠪᠠ ᠦᠷᠭᠦᠯᠵᠢᠯᠡᠬᠦᠶᠢᠴᠡ ᠴᠢᠨᠠᠷ ᠢ ᠦᠨᠡᠨ ᠬᠦ | ᠪᠠᠲᠤᠯᠠᠵᠤ ᠪᠤᠢ᠃ ᠡᠶᠢᠨ ᠬᠦ ᠭᠠᠨᠵᠤᠭ᠎ᠠ ᠪᠠᠯᠭᠠᠰᠤ᠂ ᠰᠤᠨᠳᠤᠤ ᠰᠤᠮᠤ᠂ ᠶᠢᠨ ᠪᠦᠦ ᠲᠦᠨ ᠪᠠᠯᠭᠠᠰᠤ᠂ ᠴᠠᠷᠨᠰᠥ | ᠪᠠᠯᠭᠠᠰᠤ᠂ ᠱᠤᠸᠠᠩ ᠱᠧᠩ ᠪᠠᠯᠭᠠᠰᠤ ᠵᠡᠷᠭᠡ ᠭᠠᠵᠠᠷ ᠲᠤ 74 ᠲᠠᠷᠢᠶᠠᠨ ᠭᠠᠵᠠᠷ ᠤᠨ ᠶᠠᠰᠤ ᠴᠢᠨᠠᠷ ᠢ ᠣᠷᠳᠣ | ᠬᠤᠭᠤᠴᠠᠭ᠎ᠠ ᠪᠠᠷ ᠤᠷᠤᠨ ᠪᠠᠶᠢᠷᠢ ᠲᠣᠭᠲᠠᠭᠠᠵᠤ ᠬᠢᠨᠠᠨ ᠬᠡᠮᠵᠢᠬᠦ ᠴᠡᠭ ᠢ ᠪᠠᠶᠢᠭᠤᠯᠪᠠ ᠃ ᠣᠳᠤᠬᠠᠨ ᠳᠤ ᠂ 74 | ᠬᠢᠨᠠᠨ ᠬᠡᠮᠵᠢᠬᠦ ᠴᠡᠭ ᠢ ᠨᠢᠭᠡᠨᠲᠡ ᠪᠦᠬᠦᠨ ᠢ ᠪᠠᠶᠢᠭᠤᠯᠵᠦ ᠳᠠᠭᠤᠰᠬᠠᠨ᠂ ᠬᠢᠨᠠᠨ ᠬᠡᠮᠵᠢᠬᠦ ᠴᠡᠭ ᠲᠤ ᠲᠠᠷᠢᠶᠠᠨ | ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠢᠳᠠᠮᠵᠢᠲᠤ ᠣᠷᠣᠨ ᠪᠠ ᠬᠥᠷᠥᠰᠥ ᠶᠢ ᠰᠢᠮᠡᠵᠢᠭᠦᠯᠵᠤ ᠰᠠᠶᠢᠵᠢᠷᠠᠭᠤᠯᠬᠤ | ᠲᠤᠷᠰᠢᠯᠲᠠ ᠶᠢᠨ ᠬᠢᠨᠠᠨ ᠬᠡᠮᠵᠢᠬᠦ ᠴᠢᠳᠠᠮᠵᠢᠲᠤ ᠣᠷᠣᠨ ᠢ ᠪᠠᠶᠢᠭᠤᠯᠤᠭᠰᠠᠨ ᠪᠠᠶᠢᠨ᠎ᠠ ᠃ | ᠬᠢᠨᠠᠨ ᠬᠡᠮᠵᠢᠬᠦ ᠴᠡᠭ ᠨᠢ ᠵᠢᠯ ᠪᠦᠷᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠵᠤ᠂ ᠵᠢᠯ ᠪᠦᠷᠢ | ᠠᠳᠠᠯᠢ ᠪᠤᠰᠤ ᠴᠢᠳᠠᠮᠵᠢᠲᠤ ᠣᠷᠣᠨ ᠳᠤ ᠬᠥᠷᠥᠰᠥ ᠰᠢᠷᠣᠢ ᠶᠢᠨ ᠥᠯᠢᠭᠡᠷ ᠠᠪᠴᠤ ᠰᠢᠨᠵᠢᠯᠡᠨ ᠪᠠᠶᠢᠴᠠᠭᠠᠬᠤ ᠪᠠᠷ | ᠳᠡᠮᠵᠢᠨ᠂ ᠭᠤᠣᠯᠳᠠᠭᠤ ᠬᠥᠷᠥᠰᠥ ᠰᠢᠷᠣᠢ ᠶᠢᠨ pH ᠬᠡᠮᠵᠢᠭᠳᠡᠯ᠂ ᠬᠥᠷᠥᠰᠥ ᠰᠢᠷᠣᠢ ᠶᠢᠨ ᠤᠷᠭᠠᠨᠢᠭ ᠪᠣᠳᠠᠰ ᠤᠨ | ᠬᠡᠮᠵᠢᠶ᠎ᠡ᠂ ᠠᠽᠣᠲ ᠤᠨ ᠠᠭᠤᠯᠤᠬᠳᠠᠴᠠ ᠵᠡᠷᠭᠡ ᠶᠢ ᠰᠢᠨᠵᠢᠯᠡᠨ ᠪᠠᠶᠢᠴᠠᠭᠠᠨ᠎ᠠ ᠃ ᠬᠢᠮᠢ ᠶᠢᠨ ᠲᠤᠷᠰᠢᠯᠲᠡ ᠶᠢᠨ | ᠲᠤᠭ᠎ᠠ ᠪᠠᠷᠢᠮᠲᠠ ᠳᠤ ᠵᠠᠳᠠᠯᠤᠯᠲᠠ ᠬᠢᠬᠦ ᠪᠠᠷ ᠳᠠᠮᠵᠢᠭᠤᠯᠤᠨ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠥᠩ | ᠰᠢᠮ᠎ᠡ ᠶᠢᠨ ᠬᠤᠪᠢᠷᠠᠯᠲᠠ ᠶᠢᠨ ᠪᠠᠶᠢᠳᠠᠯ ᠢ ᠡᠵᠡᠮᠰᠢᠵᠦ᠂ ᠬᠤᠷᠴᠢᠨ ᠵᠡᠭᠦᠨ ᠭᠠᠷᠤᠨ ᠬᠤᠶᠢᠲᠦ ᠬᠤᠰᠢᠭᠤᠨ ᠤ | ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠰᠢᠮᠡᠵᠢᠭᠦᠯᠬᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠳᠤ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠂ ᠵᠢᠯ ᠪᠦᠷᠢ ᠶᠢᠨ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠳᠤ ᠴᠢᠬᠤᠯᠠ ᠦᠨᠳᠦᠰᠦᠯᠡᠯ ᠬᠠᠩᠭᠠᠬᠤ ᠪᠤᠯᠤᠨ᠎ᠠ᠃ | ᠨᠢᠳᠤᠨᠤᠨ ᠠᠴᠠ ᠨᠠᠭᠠᠰᠢ᠂ ᠬᠤᠷᠴᠢᠨ ᠵᠡᠭᠦᠨ ᠭᠠᠷᠤᠨ ᠬᠤᠶᠢᠲᠦ ᠬᠤᠰᠢᠭᠤ 4 ᠲᠦᠮᠡᠨ ᠮᠦ ᠲᠠᠷᠢᠶᠠᠯᠠᠩ ᠤᠨ | ᠥᠨᠳᠥᠷ ᠥᠷ᠎ᠡ ᠠᠰᠢᠬᠳᠥ ᠤᠰᠤ ᠠᠷᠪᠢᠯᠠᠬᠤ ᠢᠨᠵᠧᠨᠧᠷᠢᠩ ᠢ ᠬᠡᠷᠡᠭᠵᠢᠭᠦᠯᠵᠦ᠂ 6 ᠲᠦᠮᠡᠨ ᠮᠦ ᠬᠠᠷ᠎ᠠ | ᠬᠥᠷᠥᠰᠥᠲᠥ ᠲᠠᠷᠢᠶᠠᠨ ᠭᠠᠵᠠᠷ ᠢ ᠬᠠᠮᠠᠭᠠᠯᠠᠨ᠂ 35 ᠲᠦᠮᠡᠨ ᠮᠦ ᠲᠠᠷᠢᠶᠠᠨ ᠭᠠᠵᠠᠷ ᠢ ᠭᠦᠨ ᠤᠷᠪᠠᠭᠤᠯᠵᠤ | ᠳᠡᠭᠰᠢᠯᠡᠬᠦ ᠶᠢ ᠪᠡᠶᠡᠯᠡᠭᠦᠯᠵᠠᠢ᠃ ᠡᠶᠢᠨ ᠬᠦ ᠨᠢᠳᠥᠨᠥᠨ ᠪᠥᠬᠦ ᠬᠤᠰᠢᠭᠤᠨ ᠤ ᠤᠰᠤᠨ ᠲᠤᠲᠤᠷᠭ᠎ᠠ ᠶᠢᠨ ᠶᠡᠷᠦᠩᠬᠡᠢ | ᠤᠨᠠᠯᠲᠠ 1.8 ᠳ᠋ᠦᠩᠰᠢᠭᠤᠷ ᠺᠢᠯᠦᠭᠷᠡᠮ ᠳᠤ ᠬᠦᠷᠴᠦ᠂ ᠠᠮᠤ ᠪᠤᠳᠠᠭᠠᠨ ᠤ ᠤᠨᠠᠯᠲᠠ ᠶᠢ 27.4 ᠳ᠋ᠦᠩᠰᠢᠭᠤᠷ | ᠵᠢᠩ ᠠᠴᠠ ᠳᠡᠭᠡᠭᠰᠢ ᠳᠤ ᠲᠣᠭᠲᠠᠪᠤᠷᠢᠵᠢᠨ᠂ ︽ᠬᠤᠷᠴᠢᠨ ᠵᠡᠭᠦᠨ ᠭᠠᠷᠤᠨ ᠬᠤᠶᠢᠲᠦ ᠬᠤᠰᠢᠭᠤᠨ ᠤ ᠲᠤᠲᠤᠷᠭ᠎ᠠ︾ | ᠨᠢ ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ ᠬᠠᠮᠠᠭᠠᠯᠠᠯᠲᠠ ᠶᠢᠨ ᠪᠦᠲᠦᠭᠡᠭᠳᠡᠬᠦᠨ ᠢᠶᠠᠷ ᠵᠥᠪᠰᠢᠶᠡᠷᠡᠭᠳᠡᠪᠡ᠃ | ᠨᠢᠭᠡ ᠭᠠᠵᠠᠷ ᠤᠨ ᠲᠠᠷᠢᠶᠠᠨ ᠭᠠᠵᠠᠷ ᠢ ᠰᠠᠶᠢᠵᠢᠷᠠᠭᠤᠯᠪᠠᠯ ᠲᠡᠷᠡ ᠨᠤᠲᠤᠬ ᠤᠨ ᠠᠷᠠᠳ ᠢ ᠪᠠᠶᠠᠵᠢᠭᠤᠯᠳᠠᠭ ᠪᠤᠯᠬᠤᠷ | ᠪᠥᠬᠦ ᠬᠤᠰᠢᠭᠤᠨ ᠤ 393 ᠲᠦᠮᠡᠨ ᠮᠦ ᠲᠠᠷᠢᠶᠠᠨ ᠭᠠᠵᠠᠷ ᠨᠢ ᠨᠢᠭᠡᠨᠳᠡ ᠲᠠᠷᠢᠶᠠᠴᠢᠳ ᠤᠨ ᠪᠠᠶᠠᠵᠢᠯ ᠤᠨ ᠲᠠᠷᠢᠶ᠎ᠠ᠂ | ᠥᠨᠳᠥᠷ ᠤᠨᠠᠯᠲᠠᠳᠥ ᠲᠠᠷᠢᠶ᠎ᠠ ᠪᠤᠯᠤᠬᠰᠠᠨ ᠪᠠᠶᠢᠨ᠎ᠠ ᠃ | |