ᠣᠶᠢᠷ᠎ᠠ ᠳᠤ᠂ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠢ | ᠢᠳᠡᠭᠡᠨ ᠤ ᠦᠵᠡᠰᠬᠦᠯᠡᠩ ᠤᠨ ᠴᠤᠭᠯᠠᠭᠠᠨ ᠵᠢᠴᠢ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠣᠯᠠᠨ ᠤᠯᠤᠰ ᠤᠨ ᠣᠷᠭᠠᠨᠢᠭ ᠢᠳᠡᠭᠡᠨ ᠤ ᠦᠵᠡᠰᠬᠦᠯᠡᠩ ᠤᠨ ᠴᠤᠭᠯᠠᠭᠠᠨ ᠾᠧᠹᠧᠢ ᠶᠢᠨ ᠪᠢᠨ ᠬᠤ᠋ ᠣᠯᠠᠨ | ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠪᠡ᠂ ᠬᠤᠷᠠᠯ ᠤᠨ ᠭᠤᠣᠯ ᠰᠡᠳᠦᠪ ᠨᠢ ︽ᠪᠣᠬᠢᠷᠲᠤᠯ ᠦᠭᠡᠢ | ᠦᠢᠯᠡᠳᠪᠦᠷᠢᠯᠡᠯ ᠢ ᠬᠡᠷᠡᠭᠵᠢᠭᠦᠯᠵᠦ᠂ ᠴᠢᠨᠠᠷ ᠰᠠᠶᠢᠲᠠᠢ ᠦᠢᠯᠡᠳᠬᠦᠨ ᠢ ᠬᠥᠭᠵᠢᠭᠦᠯᠵᠦ᠂ ᠣᠯᠠᠨ ᠨᠡᠶᠢᠲᠡ ᠶᠢᠨ ᠡᠷᠡᠭᠦᠯ | ᠮᠡᠨᠳᠦ ᠳᠤ ᠦᠢᠯᠡᠴᠢᠯᠡᠶ᠎ᠡ︾ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ 311 ᠠᠵᠤ ᠠᠬᠤᠶᠢᠯᠠᠯ ᠤᠨ 1443 | ᠵᠦᠢᠯ ᠤᠨ ᠪᠦᠲᠦᠭᠡᠭᠳᠡᠬᠦᠨ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠢᠳᠡᠭᠡᠨ᠂ | ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠢ 400 | ᠰᠢᠬᠠᠮ ᠪᠠᠶᠢᠷᠢᠯᠠᠭᠤᠯᠵᠤ᠂ ᠦᠵᠡᠰᠬᠦᠯᠡᠩ ᠳᠤ ᠣᠷᠣᠯᠴᠠᠭᠰᠠᠨ ᠪᠦᠲᠦᠭᠡᠭᠳᠡᠬᠦᠨ ᠳᠤ ᠰᠦ ᠂ ᠮᠢᠬ᠎ᠠ᠂ ᠠᠮᠤ ᠲᠣᠰᠣ᠂ | ᠵᠢᠮᠢᠰ ᠨᠣᠭᠤᠭ᠎ᠠ᠂ ᠢᠳᠡᠭᠡᠨ ᠤ ᠮᠥᠭᠦ ᠵᠡᠷᠭᠡ ᠵᠢᠷᠭᠤᠭᠠᠨ ᠲᠣᠮᠣ ᠲᠥᠷᠥᠯ ᠤᠨ ᠪᠦᠲᠦᠭᠡᠭᠳᠡᠬᠦᠨ ᠢ ᠬᠠᠮᠤᠷᠪᠠ᠃ | ᠤᠯᠠᠭᠠᠨᠴᠠᠪ ᠬᠤᠲᠠ 21 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠦᠵᠡᠭᠦᠯᠭᠡ ᠳᠤ ᠣᠷᠣᠯᠴᠠᠭᠤᠯᠪᠠ᠂ | ᠡᠭᠦᠨ ᠳᠤ 4 ᠠᠵᠤ ᠠᠬᠤᠶᠢᠯᠠᠯ ᠤᠨ ᠦᠵᠡᠭᠦᠯᠭᠡ ᠳᠤ ᠣᠷᠣᠯᠴᠠᠭᠰᠠᠨ ᠲᠠᠷᠢᠶᠠᠯᠠᠩ ᠤᠨ ᠪᠦᠲᠦᠭᠡᠭᠳᠡᠬᠦᠨ ᠨᠢ ᠲᠣᠰ | ᠲᠣᠰ ᠳᠥᠷᠪᠡᠳ ᠬᠤᠰᠢᠭᠤᠨ ᠤ ᠦᠬᠡᠷ ᠬᠤᠨᠢᠨ ᠮᠢᠬ᠎ᠠ᠂ ᠰᠢᠩ ᠾᠧ ᠰᠢᠶᠠᠨ ᠤ ᠾᠧ ᠣᠪᠣᠭᠲᠤ ᠶᠢᠨ ᠠᠮᠤ | ᠲᠣᠰᠣ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠠᠮᠤ ᠲᠣᠰᠣ᠂ ᠰᠢᠶᠦ᠋ᠩ ᠹᠧᠩ ᠲᠠᠷᠢᠶᠠᠯᠠᠩ ᠮᠠᠯ | ᠠᠵᠤ ᠠᠬᠤᠢ ᠶᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠤᠯᠢᠮᠠᠭ ᠠᠮᠤ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠤᠮᠠᠷᠠᠲᠤ ᠶᠢᠨ ᠲᠥᠮᠥᠰᠥ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠬᠤᠶᠢᠲᠤ ᠬᠤᠰᠢᠭᠤᠨ ᠤ ᠤᠯᠠᠭᠠᠨ ᠲᠥᠮᠥᠰᠥ ᠪᠣᠯᠣᠨ᠎ᠠ᠃ ᠦᠵᠡᠭᠦᠯᠭᠡ ᠶᠢᠨ | ᠬᠤᠭᠤᠴᠠᠭᠠᠨ ᠳᠤ ᠳᠥᠷᠪᠡᠳ ᠬᠤᠰᠢᠭᠤᠨ ᠤ ᠦᠬᠡᠷ ᠬᠤᠨᠢᠨ ᠮᠢᠬ᠎ᠠ ᠶᠢᠨ ᠠᠵᠤ ᠠᠬᠤᠶᠢᠯᠠᠯ ᠨᠢ ᠾᠧᠹᠧᠢ ᠶᠢᠨ | ᠲᠣᠰ ᠭᠠᠵᠠᠷ ᠤᠨ ᠠᠵᠤ ᠠᠬᠤᠶᠢᠯᠠᠯ ᠲᠠᠢ ᠢᠳᠡᠪᠬᠢᠲᠡᠢ ᠪᠠᠷ ᠵᠥᠪᠳᠡᠯᠴᠡᠵᠦ᠂ 10 ᠲᠣᠨ ᠪᠡᠯᠡᠨ ᠪᠠᠷᠠᠭ᠎ᠠ | ᠪᠣᠷᠣᠯᠠᠭᠤᠯᠵᠤ᠂ 30 ᠲᠣᠨ ᠣᠷᠳᠣ ᠬᠤᠭᠤᠴᠠᠭ᠎ᠠ ᠪᠠᠷ ᠬᠤᠳᠠᠯᠳᠤᠨ ᠠᠪᠬᠤ ᠬᠡᠯᠡᠯᠴᠡᠭᠡᠷ ᠲᠣᠭᠲᠠᠪᠠ᠃ | ᠲᠣᠰ ᠤᠳᠠᠭᠠᠨ ᠤ ᠦᠵᠡᠰᠬᠦᠯᠡᠩ ᠢᠶᠠᠷ ᠳᠠᠮᠵᠢᠭᠤᠯᠤᠨ᠂ ᠤᠯᠠᠭᠠᠨᠴᠠᠪ ᠬᠤᠲᠠ ᠶᠢᠨ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠳᠡᠯᠭᠡᠨ | ᠦᠵᠡᠭᠦᠯᠵᠦ᠂ ᠪᠣᠬᠢᠷᠲᠤᠯ ᠦᠭᠡᠢ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠠᠷᠠᠯᠵᠢᠶᠠᠨ ᠤ ᠭᠦᠢᠯᠭᠡᠭᠡ ᠶᠢ ᠠᠬᠢᠭᠤᠯᠤᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠ ᠨᠠᠷᠠᠲᠤ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠨᠠᠩ ᠣᠯᠠᠨ ᠤᠯᠠᠭᠠᠨᠴᠠᠪ ᠤᠨ ᠣᠨᠴᠠᠯᠢᠭᠲᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠤᠯᠤᠰ ᠲᠤ ᠭᠠᠷᠬᠤ ᠶᠢ ᠠᠬᠢᠭᠤᠯᠪᠠ᠃ | |