ᠦᠬᠡᠷ ᠬᠡᠵᠢᠶ᠎ᠡ ᠶᠡᠭᠡ ᠬᠡᠮᠵᠢᠶ᠎ᠡ ᠪᠠᠷ ᠤᠰᠤ ᠤᠤᠭᠤᠬᠤ ᠬᠡᠷᠡᠭᠲᠡᠢ ᠪᠣᠢ
ᠨᠡᠶᠢᠲᠡᠯᠡᠭᠰᠡᠨ ᠴᠠᠭ᠄
2023/4/15
      1. ᠠᠭᠤᠷ ᠠᠮᠢᠰᠬᠤᠯ ᠬᠠᠯᠠᠭᠤᠨ ᠦᠶ᠎ᠡ ᠳᠤ ᠄ ᠠᠭᠤᠷ ᠠᠮᠢᠰᠬᠤᠯ ᠬᠠᠯᠠᠭᠤᠨ ᠦᠶ᠎ᠡ ᠳᠤ᠂ ᠦᠬᠡᠷ ᠤᠨ ᠪᠡᠶ᠎ᠡ ᠶᠢᠨ ᠳᠤᠯᠠᠭᠠᠨ ᠴᠤ ᠴᠠᠭ ᠠᠭᠤᠷ ᠤᠨ ᠳᠤᠯᠠᠭᠠᠨ ᠤ ᠬᠡᠮᠵᠢᠶ᠎ᠡ ᠶᠢ ᠳᠠᠭᠠᠯᠳᠤᠨ ᠳᠡᠭᠡᠭᠰᠢᠯᠡᠨ᠎ᠡ᠂ ᠡᠨᠡ ᠦᠶ᠎ᠡ ᠳᠤ᠂ ᠦᠬᠡᠷ ᠶᠡᠭᠡ ᠬᠡᠮᠵᠢᠶᠡᠨ ᠤ ᠤᠰᠤ ᠤᠤᠭᠤᠵᠤ ᠪᠡᠶ᠎ᠡ ᠶᠢᠨ ᠳᠤᠯᠠᠭᠠᠨ ᠢᠶᠠᠨ ᠲᠣᠬᠢᠷᠠᠭᠤᠯᠬᠤ ᠴᠢᠬᠤᠯᠠᠲᠠᠢ ᠪᠠᠶᠢᠳᠠᠭ᠃      2. ᠬᠥᠳᠡᠯᠭᠡᠭᠡᠨ ᠤ ᠬᠡᠮᠵᠢᠶ᠎ᠡ ᠶᠡᠭᠡ ᠦᠶ᠎ᠡ ᠳᠤ ᠄ ᠪᠢᠳᠡ ᠦᠬᠡᠷ ᠲᠡᠵᠢᠭᠡᠬᠦ ᠦᠶ᠎ᠡ ᠳᠤ᠂ ᠦᠬᠡᠷ ᠤᠨ ᠬᠥᠳᠡᠯᠭᠡᠭᠡᠨ ᠤ ᠬᠡᠮᠵᠢᠶ᠎ᠡ ᠨᠡᠮᠡᠭᠳᠡᠬᠦ ᠦᠶ᠎ᠡ ᠳᠤ᠂ ᠦᠬᠡᠷ ᠤᠨ ᠪᠡᠶ᠎ᠡ ᠳᠤ ᠨᠠᠩ ᠠᠷᠪᠢᠨ ᠡᠨᠧᠷᠭᠢ ᠬᠡᠷᠡᠭᠰᠡᠵᠦ ᠬᠡᠪ ᠤᠨ ᠰᠣᠯᠢᠯᠴᠠᠭ᠎ᠠ ᠪᠠ ᠬᠥᠳᠡᠯᠭᠡᠭᠡᠨ ᠤ ᠴᠢᠳᠠᠪᠤᠷᠢ ᠶᠢ ᠪᠠᠲᠤᠯᠠᠳᠠᠭ᠂ ᠡᠲᠡᠭᠡᠷ ᠡᠨᠧᠷᠭᠢ ᠶᠢ ᠢᠳᠡᠭᠡᠨ ᠪᠠ ᠤᠰᠤ ᠪᠠᠷ ᠬᠠᠩᠭᠠᠬᠤ ᠬᠡᠷᠡᠭᠲᠡᠢ᠂ ᠬᠡᠷᠪᠡ ᠦᠬᠡᠷ ᠭᠦᠢᠴᠡᠳ ᠤᠰᠤ ᠣᠯᠵᠤ ᠤᠤᠭᠤᠬᠤ ᠦᠭᠡᠢ ᠪᠣᠯ᠂ ᠲᠡᠭᠦᠨ ᠤ ᠪᠡᠶ᠎ᠡ ᠳᠤ ᠤᠰᠤ ᠠᠯᠳᠠᠬᠤ ᠪᠠ ᠬᠦᠴᠢᠯᠲᠥ᠋ᠷᠥᠭᠴᠢ ᠳᠤᠲᠠᠭᠳᠠᠬᠤ ᠪᠠᠶᠢᠳᠠᠯ ᠢᠯᠡᠷᠡᠵᠦ᠂ ᠦᠬᠡᠷ ᠤᠨ ᠡᠷᠡᠭᠦᠯ ᠮᠡᠨᠳᠦ ᠶᠢ ᠨᠥᠯᠥᠭᠡᠯᠡᠳᠡᠭ᠃      3. ᠦᠨᠢᠶ᠎ᠡ ᠬᠡᠭᠡᠯᠢ ᠲᠣᠭᠲᠠᠭᠰᠠᠨ ᠰᠡᠭᠦᠯᠴᠢ ᠶᠢᠨ ᠬᠤᠭᠤᠴᠠᠭ᠎ᠠ ᠄  ᠦᠨᠢᠶ᠎ᠡ ᠬᠡᠭᠡᠯᠢ ᠲᠣᠭᠲᠠᠭᠰᠠᠨ ᠰᠡᠭᠦᠯᠴᠢ ᠶᠢᠨ ᠬᠤᠭᠤᠴᠠᠭᠠᠨ ᠳᠤ᠂ ᠭᠡᠳᠡᠰᠦ ᠨᠢ ᠤᠯᠠᠮ ᠠᠴᠠ ᠤᠯᠠᠮ ᠲᠣᠮᠣᠷᠠᠵᠤ᠂ ᠬᠡᠪᠡᠯᠢ ᠳᠠᠬᠢ ᠲᠥᠯ ᠤᠨ ᠪᠣᠶᠢᠵᠢᠯᠲᠠ ᠨᠢ ᠴᠦ ᠤᠯᠠᠮ ᠠᠴᠠ ᠤᠯᠠᠮ ᠲᠣᠮᠣᠷᠠᠨ᠎ᠠ᠂ ᠡᠨᠡ ᠦᠶ᠎ᠡ ᠳᠤ᠂ ᠦᠨᠢᠶ᠎ᠡ ᠪᠠ ᠲᠥᠯ ᠨᠢ ᠪᠦᠷ ᠨᠠᠩ ᠠᠷᠪᠢᠨ ᠤᠰᠤ ᠬᠡᠷᠡᠭᠰᠡᠵᠦ ᠬᠡᠪᠡᠯᠢ ᠳᠠᠬᠢ ᠲᠥᠯ ᠤᠨ ᠥᠰᠦᠯᠲᠡ ᠪᠠ ᠪᠣᠶᠢᠵᠢᠯᠲᠠ ᠶᠢ ᠪᠠᠲᠤᠯᠠᠬᠤ ᠬᠡᠷᠡᠭᠲᠡᠢ ᠂ ᠡᠶᠢᠮᠦ ᠠᠴᠠ ᠪᠢᠳᠡ ᠦᠨᠢᠶ᠎ᠡ ᠬᠡᠭᠡᠯᠢ ᠲᠣᠭᠲᠠᠭᠰᠠᠨ ᠰᠡᠭᠦᠯᠴᠢ ᠶᠢᠨ ᠬᠤᠭᠤᠴᠠᠭᠠᠨ ᠳᠤ ᠭᠦᠢᠴᠡᠳ ᠬᠡᠮᠵᠢᠶᠡᠨ ᠤ ᠤᠰᠤ ᠪᠡᠯᠡᠳᠬᠡᠵᠦ᠂ ᠦᠨᠢᠶ᠎ᠡ ᠪᠠ ᠲᠥᠯ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠢ᠃ ᠤᠰᠤᠨ ᠳᠤ ᠮᠠᠯ ᠤᠨ ᠸᠢᠲ᠋ᠠᠮᠢᠨ ᠡᠳ᠋ ᠨᠡᠮᠡᠵᠦ᠂ ᠦᠨᠢᠶᠡᠨ ᠤ ᠬᠡᠪᠡᠯᠢ ᠳᠠᠬᠢ ᠲᠥᠯ ᠤᠨ ᠬᠡᠷᠡᠭᠰᠡᠬᠦ ᠰᠢᠮ᠎ᠡ ᠲᠡᠵᠢᠭᠡᠯ ᠢ ᠨᠥᠬᠦᠪᠦᠷᠢᠯᠡᠵᠦ ᠪᠣᠯᠣᠨ᠎ᠠ᠃      4. ᠡᠪᠡᠳᠴᠢᠯᠡᠭᠰᠡᠨ ᠪᠤᠶᠤ ᠡᠳᠡᠭᠡᠷᠡᠬᠦ ᠬᠤᠭᠤᠴᠠᠭ᠎ᠠ ᠄ ᠦᠬᠡᠷ ᠡᠪᠡᠳᠴᠢᠯᠡᠬᠦ ᠪᠤᠶᠤ ᠤᠳᠠᠯ ᠦᠭᠡᠢ ᠡᠳᠡᠭᠡᠷᠡᠬᠦ ᠦᠶ᠎ᠡ ᠳᠤ ᠂ ᠲᠡᠭᠦᠨ ᠤ ᠪᠡᠶ᠎ᠡ ᠨᠢ ᠨᠡᠯᠢᠶᠡᠳ ᠲᠠᠮᠢᠷ ᠦᠭᠡᠢ ᠪᠠᠶᠢᠳᠠᠭ ᠂ ᠡᠨᠡ ᠦᠶ᠎ᠡ ᠳᠤ ᠪᠢᠳᠡ ᠪᠠᠰᠠ ᠲᠡᠭᠦᠨ ᠳᠤ ᠨᠡᠩ ᠠᠷᠪᠢᠨ ᠤᠰᠤ ᠨᠥᠬᠦᠪᠦᠷᠢᠯᠡᠵᠦ ᠂ ᠰᠢᠨ᠎ᠡ ᠬᠠᠭᠤᠴᠢᠨ ᠤ ᠰᠤᠯᠢᠬᠳᠠᠯ ᠪᠠ ᠪᠡᠶ᠎ᠡ ᠮᠠᠬᠠᠪᠤᠳ ᠤᠨ ᠡᠷᠡᠭᠦᠯᠵᠢᠯ ᠳᠤ ᠳᠤᠰᠠ ᠲᠡᠮ ᠪᠤᠯᠳᠠᠭ ᠃      ᠳᠡᠭᠡᠷᠡᠬᠢ ᠪᠣᠯ ᠦᠬᠡᠷ ᠲᠤ ᠤᠰᠤ ᠤᠤᠭᠤᠯᠭᠠᠬᠤ ᠲᠤᠬᠠᠢ ᠶᠠᠷᠢᠶᠠᠨ ᠤ ᠰᠡᠳᠦᠪ ᠪᠣᠯᠣᠨ᠎ᠠ ᠂ ᠪᠢᠳᠡ ᠦᠬᠡᠷ ᠲᠡᠵᠢᠭᠡᠬᠦ ᠳᠤ ᠪᠠᠨ ᠡᠳᠦᠷ ᠪᠦᠷᠢ ᠭᠦᠢᠴᠡᠳ ᠬᠡᠮᠵᠢᠶᠡᠨ ᠤ ᠤᠰᠤ ᠨᠦᠬᠦᠪᠦᠷᠢᠯᠡᠭᠦᠯᠬᠦ ᠬᠡᠷᠡᠭᠲᠡᠢ ᠂ ᠢᠩᠭᠢᠪᠡᠯ ᠦᠬᠡᠷ ᠤᠨ ᠡᠷᠡᠭᠦᠯ ᠴᠢᠭᠢᠷᠠᠭ ᠪᠠ ᠪᠣᠶᠢᠵᠢᠯᠲᠠ ᠶᠢ ᠪᠠᠲᠤᠯᠠᠵᠤ ᠴᠢᠳᠠᠨ᠎ᠠ ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号