ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/17
      4 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ  ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠢ ᠡᠷᠬᠢᠯᠡᠬᠦ ᠶᠢᠨ ᠬᠠᠮᠲᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠳᠣᠯᠣᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠢᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃
图片1.jpg
       ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠶᠠᠨ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠣᠯᠭᠠᠨ ᠪᠦᠬᠦ ᠨᠠᠮ ᠤᠨ ᠳᠣᠲᠣᠷ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠦᠷᠨᠢᠭᠦᠯᠬᠦ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠩᠬᠠᠷᠴᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ᠂ ᠪᠦᠬᠦ ᠨᠠᠮ ᠢ ᠳᠠᠶᠢᠴᠢᠯᠠᠨ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠶᠢᠨ ᠲᠥᠯᠥᠭᠡ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ ᠃ ᠪᠢᠳᠡ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠰᠢᠨ᠎ᠡ ᠳᠦᠷᠰᠦ ᠪᠠᠶᠢᠳᠠᠯ ᠂ ᠰᠢᠨ᠎ᠡ ᠡᠭᠦᠷᠭᠡᠯᠡᠯ ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠡᠭᠦᠷᠭᠡ ᠬᠠᠷᠠᠯᠲᠠ ᠶᠢ ᠪᠠᠲᠤ ᠡᠵᠡᠮᠳᠡᠵᠦ ᠂ ᠤᠨᠤᠯ ᠤᠨ ᠰᠤᠷᠤᠯᠴᠠᠯᠭ᠎ᠠ ᠂ ᠪᠠᠶᠢᠴᠠᠭᠠᠨ ᠰᠤᠳᠤᠯᠤᠯᠲᠠ ᠬᠢᠬᠦ ᠂ ᠬᠥᠭᠵᠢᠯᠲᠡ ᠶᠢ ᠠᠬᠢᠭᠤᠯᠬᠤ ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠲᠦᠷᠪᠡᠨ ᠠᠵᠢᠯ ᠢ ᠰᠠᠶᠢᠲᠤᠷ ᠬᠢᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠤᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭ ᠢ ᠢᠯᠡᠷᠡᠭᠦᠯᠦᠭᠰᠡᠨ ᠨᠢᠭᠡ ᠪᠦᠯᠦᠭ ᠰᠣᠩᠭᠤᠳᠠᠭ ᠣᠨᠣᠯ ᠢ ᠰᠤᠷᠤᠯᠴᠠᠬᠤ ᠶᠢ ᠠᠬᠢᠭᠤᠯᠵᠤ᠂ ᠨᠢᠭᠡ ᠪᠦᠯᠦᠭ ᠤᠷᠢᠳᠠᠴᠢ ᠦᠵᠡᠯ ᠰᠠᠨᠠᠭ᠎ᠠ ᠶᠢ ᠣᠶᠢᠯᠠᠭᠠᠵᠤ ᠂ ᠨᠢᠭᠡ ᠪᠦᠯᠦᠭ ᠵᠠᠯᠠᠭᠤ ᠨᠠᠮ ᠤᠨ ᠭᠡᠰᠢᠭᠦᠨ ᠢ ᠡᠯᠰᠡᠵᠦ ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠣᠯᠭᠠᠵᠤ ᠂ ᠨᠢᠭᠡ ᠪᠦᠯᠦᠭ ᠣᠨᠴᠠᠯᠢᠭᠲᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠨᠢᠭᠡ ᠪᠦᠯᠦᠭ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠵᠤ ᠂ ᠨᠢᠭᠡ ᠪᠦᠯᠦᠭ ᠬᠥᠭᠵᠢᠯᠲᠡ ᠶᠢ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ ᠂ ᠨᠢᠭᠡ ᠪᠦᠯᠦᠭ ᠠᠰᠠᠭᠤᠳᠠᠯ ᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠵᠤ ᠂ ᠨᠢᠭᠡ ᠪᠦᠯᠦᠭ ᠲᠤᠭ᠎ᠠ ᠪᠠᠷᠢᠮᠲᠠ ᠶᠢᠨ ᠲᠦᠷᠦᠯ ᠵᠦᠢᠯ ᠤᠨ ᠬᠥᠮᠥᠷᠭᠡ ᠶᠢ ᠪᠠᠶᠢᠭᠤᠯᠵᠤ ᠂ ᠨᠢᠭᠡ ᠪᠦᠯᠦᠭ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠵᠡᠷᠭᠡ ︽ ᠠᠷᠪᠠᠨ ᠨᠢᠭᠡ ᠪᠦᠯᠦᠭ ︾ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ ᠬᠦᠰᠡᠯᠡᠩ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾  ᠤ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠲᠢᠩᠬᠢᠮ ᠤᠨ ᠤᠳᠤᠷᠢᠳᠤᠯᠭ᠎ᠠ ᠪᠣᠯᠣᠨ ᠡᠯ᠎ᠡ ᠨᠠᠮ ᠤᠨ ᠡᠭᠦᠷ ᠤᠨ ᠱᠦᠵᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤ  ᠨᠢ ᠬᠠᠷᠠᠭᠠᠯᠵᠠᠬᠤ ᠠᠵᠢᠯ ᠢ ᠰᠠᠶᠢᠲᠤᠷ ᠬᠢᠵᠦ ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ ᠂ ᠦᠷ᠎ᠡ ᠪᠦᠲᠦᠮᠵᠢ ᠭᠠᠷᠭᠠᠵᠤ ᠂ ᠬᠢᠯᠠᠰ ᠴᠡᠭ ᠢ ᠠᠳᠬᠤᠬᠤ ᠬᠡᠷᠡᠭᠲᠡᠢ ᠭᠡᠪᠡ᠃      ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠢᠢ ᠴᠢᠶᠠᠩ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠪᠦᠬᠦ ᠣᠷᠣᠨ ᠤ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠢ ᠠᠬᠢᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠂ ᠠᠮᠤ ᠪᠤᠳᠠᠭ᠎ᠠ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠢ ᠬᠠᠩᠭᠠᠯᠭ᠎ᠠ ᠶᠢ ᠪᠠᠲᠤᠯᠠᠬᠤ ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ  ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠬᠢᠬᠦ ᠨᠢ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠬᠠᠷᠠᠯᠲᠠ ᠶᠢᠨ ᠲᠣᠭᠤᠷᠢᠨ ᠳᠤ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠡᠪᠲᠡᠷᠡᠭᠦᠯᠦᠨ ᠠᠭᠤᠰᠤᠯᠴᠠᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠴᠢᠨᠠᠷ ᠰᠠᠶᠢᠲᠠᠢ ᠲᠦᠯᠬᠢᠨ ᠠᠬᠢᠭᠤᠯᠬᠤ ᠬᠡᠷᠡᠭᠲᠡᠢ᠃ ᠵᠢᠯᠤᠭᠤᠳᠬᠤ ᠳᠤᠭᠤᠶᠢᠯᠠᠩ ᠤᠨ ᠬᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠲᠠᠢ ᠵᠡᠷᠭᠡᠪᠡᠷ ᠤᠷᠤᠭᠰᠢᠯᠠᠵᠤ ᠂ ᠠᠳᠠᠯᠢ ᠰᠡᠳᠦᠪ ᠢ ᠬᠠᠮᠲᠤᠪᠠᠷ ᠬᠠᠷᠢᠭᠤᠯᠵᠤ ᠂ ᠭᠤᠣᠯ ᠰᠡᠳᠦᠪᠲᠦ ᠬᠥᠮᠦᠵᠢᠯ ᠤᠨ ᠤᠷᠤᠭᠰᠢᠲᠠᠢ ᠶᠠᠪᠤᠭᠳᠠᠬᠤ ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃
图片2.jpg
       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠳᠣᠯᠣᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠪᠦᠷᠢᠯᠳᠦᠭᠦᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠳᠠᠭᠠᠨ ᠪᠠᠶᠢᠭ᠎ᠠ ᠤᠳᠤᠷᠢᠳᠤᠯᠭ᠎ᠠ᠂ ᠲᠢᠩᠬᠢᠮ ᠤᠨ ᠪᠠᠶᠢᠭᠤᠯᠤᠯᠭ᠎ᠠ ᠪᠠ ᠲᠢᠩᠬᠢᠮ ᠤᠨ ᠬᠠᠷᠢᠶ᠎ᠠ ᠨᠢᠭᠡᠴᠢ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ᠂ ᠲᠢᠩᠬᠢᠮ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠤᠰᠬᠠᠢ ᠠᠩᠭᠢ ᠵᠢᠴᠢ ᠲᠢᠩᠬᠢᠮ ᠤᠨ ᠰᠢᠰᠲ᠋ᠧᠮ ᠤᠨ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ᠂ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号