4 ᠰᠠᠷ᠎ᠠ ᠶᠢᠨ 13 ᠠᠴᠠ 14 ᠤ ᠡᠳᠦᠷ ᠪᠤᠯᠳᠠᠯ᠎ᠠ ᠂ ᠬᠥᠬᠡᠬᠤᠲᠠ ᠶᠢᠨ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠲᠣᠮᠢᠯᠠᠭᠰᠠᠨ ᠪᠠᠶᠢᠴᠠᠭᠠᠬᠤ ᠳᠤᠭᠤᠶᠢᠯᠠᠩ | ᠬᠤᠷᠢᠨᠭᠡᠷ ᠰᠢᠶᠠᠨ ᠪᠠ ᠦᠴᠦᠸᠠᠨ ᠰᠢᠶᠠᠨ ᠤ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠲᠤᠰ ᠲᠤᠰ ᠪᠠᠶᠢᠴᠠᠭᠠᠵᠤ᠂ | ᠲᠤᠬᠠᠢ ᠶᠢᠨ ᠭᠠᠵᠠᠷ ᠤᠨ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ | ᠭᠤᠣᠯᠳᠠᠯᠭ᠎ᠠ ᠲᠠᠢ ᠪᠠᠷ ᠨᠠᠷᠢᠨ ᠲᠣᠳᠣᠷᠬᠠᠢ ᠣᠶᠢᠯᠠᠭᠠᠵᠤ ᠂ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠂ | ᠨᠢᠲᠤᠯᠬᠤ ᠭᠠᠵᠠᠷ ᠂ ᠲᠡᠵᠢᠭᠡᠨ ᠦᠷᠡᠵᠢᠭᠦᠯᠬᠦ ᠲᠠᠯᠠᠪᠠᠢ ᠪᠠ ᠮᠠᠯ ᠤᠨ ᠡᠮ ᠪᠣᠷᠣᠯᠠᠭᠤᠯᠬᠤ ᠳᠡᠯᠭᠡᠭᠦᠷ ᠤᠨ ᠠᠶᠤᠯᠭᠦᠢ | ᠦᠢᠯᠡᠳᠪᠦᠷᠢᠯᠡᠯ ᠪᠠ ᠵᠢᠷᠤᠮᠵᠢᠭᠤᠯᠤᠨ ᠡᠵᠡᠩᠨᠡᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤ ᠨᠢ ᠱᠠᠯᠠᠪᠳᠠᠭᠤᠯᠤᠨ | ᠪᠠᠶᠢᠴᠠᠭᠠᠪᠠ ᠃ | | | | | ᠪᠠᠶᠢᠴᠠᠭᠠᠬᠤ ᠳᠤᠭᠤᠶᠢᠯᠠᠩ ᠤᠨ ᠬᠢᠨ ᠦᠢᠯᠡᠳᠪᠦᠷᠢᠯᠡᠯ ᠡᠵᠡᠩᠨᠡᠯᠲᠡ ᠶᠢᠨ ᠲᠤᠬᠠᠢ ᠶᠢᠨ ᠲᠠᠯᠠᠪᠤᠷ ᠲᠤ | ᠰᠢᠭᠤᠳ ᠣᠷᠣᠬᠤ᠂ ᠡᠬᠡ ᠳᠠᠩᠰᠠ ᠶᠢᠨ ᠲᠡᠮᠳᠡᠭᠯᠡᠯ ᠢ ᠤᠷᠪᠠᠭᠤᠯᠤᠨ ᠦᠵᠡᠬᠦ᠂ ᠰᠠᠨᠠᠯ ᠢᠶᠠᠨ ᠰᠣᠯᠢᠯᠴᠠᠵᠤ | ᠠᠰᠠᠭᠤᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠶᠢᠴᠠᠭᠠᠭᠰᠠᠨ ᠮᠠᠯ ᠤᠨ ᠡᠮ ᠦᠢᠯᠡᠳᠪᠦᠷᠢᠯᠡᠬᠦ | ᠠᠵᠤ ᠠᠬᠤᠶᠢᠯᠠᠯ ᠂ ᠨᠢᠲᠤᠯᠬᠤ ᠠᠵᠤ ᠠᠬᠤᠶᠢᠯᠠᠯ ᠂ ᠪᠠᠶᠢᠴᠠᠭᠠᠨ ᠰᠢᠯᠭᠠᠬᠤ ᠪᠠᠶᠢᠭᠤᠯᠤᠮᠵᠢ ᠂ ᠮᠠᠯ ᠤᠨ ᠡᠮ | ᠪᠣᠷᠣᠯᠠᠭᠤᠯᠬᠤ ᠳᠡᠯᠭᠡᠭᠦᠷ ᠪᠠ ᠲᠡᠵᠢᠭᠡᠨ ᠦᠷᠡᠵᠢᠭᠦᠯᠬᠦ ᠡᠷᠦᠬᠡ ᠳᠤ ᠨᠠᠷᠢᠨ ᠨᠢᠭᠲᠠ ᠪᠠᠶᠢᠴᠠᠭᠠᠯᠲᠠ ᠬᠢᠵᠦ ᠂ ᠠᠵᠤ | ᠠᠬᠤᠶᠢᠯᠠᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠠᠯ᠎ᠠ ᠪᠠᠷ ᠬᠢ ᠬᠤᠯᠪᠣᠭᠳᠠᠯ ᠪᠦᠬᠦᠢ | ᠠᠰᠠᠭᠤᠳᠠᠯ ᠢ ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢᠨ ᠬᠠᠮᠲᠤ ᠢᠯᠡᠷᠡᠭᠦᠯᠦᠭᠰᠡᠨ ᠭᠤᠣᠯᠳᠠᠯᠭ᠎ᠠ ᠲᠠᠢ | ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠤᠭᠰᠠᠨ ᠪᠠᠷᠢᠮᠲᠠ ᠶᠢ ᠪᠦᠷᠢᠯᠳᠦᠭᠦᠯᠵᠦ ᠂ ᠬᠤᠭᠤᠴᠠᠭ᠎ᠠ ᠲᠣᠭᠲᠠᠭᠠᠨ | ᠴᠡᠭᠴᠡᠯᠡᠨ ᠰᠠᠶᠢᠵᠢᠷᠠᠭᠤᠯᠵᠦ ᠳᠠᠭᠤᠰᠬᠠᠪᠠ ᠃ ᠪᠠᠶᠢᠴᠠᠭᠠᠬᠤ ᠳᠤᠭᠤᠶᠢᠯᠠᠩ ᠤᠨ ᠬᠢᠨ ᠢᠯᠡᠷᠡᠭᠦᠯᠦᠭᠰᠡᠨ ᠠᠰᠠᠭᠤᠳᠠᠯ ᠢ | ᠲᠡᠮᠳᠡᠭᠯᠡᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠮᠵᠢ ᠶᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠬᠤ ᠶᠢ ᠱᠠᠭᠠᠷᠳᠠᠭᠰᠠᠨ ᠪᠥᠭᠡᠳ ᠴᠡᠭᠴᠡᠯᠡᠨ | ᠰᠠᠶᠢᠵᠢᠷᠠᠭᠤᠯᠤᠭᠰᠠᠨ ᠲᠤᠬᠠᠢ ᠶᠢᠨ ᠲᠠᠯᠠᠪᠤᠷ ᠤᠨ ᠬᠠᠷᠢᠴᠠᠭᠤᠯᠤᠭᠰᠠᠨ ᠬᠡᠷᠡᠯ ᠵᠢᠷᠤᠭ ᠢ ᠴᠠᠭ ᠲᠤᠬᠠᠢ ᠳᠤ ᠨᠢ | ᠪᠠᠶᠢᠴᠠᠭᠠᠬᠤ ᠳᠤᠭᠤᠶᠢᠯᠠᠩ ᠳᠤ ᠮᠡᠳᠡᠭᠦᠯᠵᠦ ᠳ᠋ᠤᠭᠠᠷ ᠢ ᠨᠢ ᠬᠦᠴᠦᠨ ᠦᠭᠡᠢ ᠪᠣᠯᠭᠠᠵᠤ᠂ ︽ᠨᠢᠭᠡ ᠶᠢ ᠢᠯᠡᠷᠡᠭᠦᠯᠪᠡᠯ | ᠨᠢᠭᠡ ᠶᠢ ᠴᠡᠭᠴᠡᠯᠡᠨ ᠰᠠᠶᠢᠵᠢᠷᠠᠭᠤᠯᠬᠤ︾ ᠪᠢᠲᠡᠭᠦᠦ ᠴᠠᠭᠠᠷᠢᠭ ᠪᠣᠶ ᠪᠣᠯᠬᠤ ᠶᠢ ᠦᠨᠡᠨ ᠬᠦ ᠪᠠᠲᠤᠯᠠᠪᠠ ᠃ | | | | | | | | ᠳᠠᠷᠠᠭᠠᠴᠢ ᠶᠢᠨ ᠠᠯᠬᠤᠮ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠪᠦᠬᠦ ᠬᠤᠲᠠ ᠶᠢᠨ ᠬᠠᠪᠤᠷ ᠤᠨ | ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠶᠤᠯᠭᠦᠢ | ᠦᠢᠯᠡᠳᠪᠦᠷᠢᠯᠡᠯ ᠤᠨ ᠠᠵᠢᠯ ᠳᠤ ᠭᠦᠨᠵᠡᠭᠡᠢ ᠪᠠᠶᠢᠴᠠᠭᠠᠯᠲᠠ ᠬᠢᠵᠦ᠂ ᠪᠣᠳᠠᠲᠠᠢ ᠬᠠᠷᠢᠶᠠᠯᠠᠭᠳᠠᠬᠤ ᠭᠠᠵᠠᠷ ᠤᠨ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠤᠨ ᠬᠢᠵᠢᠭ ᠢ ᠰᠡᠷᠭᠡᠶᠢᠯᠡᠬᠦ | ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠳᠠᠯᠲᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ | ᠴᠢᠩᠭᠠᠳᠬᠠᠨ᠂ ᠭᠤᠣᠯ ᠴᠣᠭᠴᠠ ᠶᠢᠨ ᠬᠠᠷᠢᠭᠤᠴᠠᠯᠭᠠᠲᠤ ᠨᠢᠭᠡᠴᠢ ᠶᠢ ᠱᠠᠯᠠᠪᠳᠠᠭᠤᠯᠤᠨ ᠵᠢᠯᠤᠭᠤᠳᠴᠤ ᠪᠠᠶᠢᠭᠠᠳ | ᠡᠯ᠎ᠡ ᠲᠥᠷᠥᠯ ᠤᠨ ᠠᠶᠤᠯ ᠤᠨ ᠡᠬᠢ ᠰᠤᠷᠪᠤᠯᠵᠢ ᠶᠢ ᠨᠠᠷᠢᠨ ᠬᠢᠨᠠᠮᠠᠭᠠᠢ ᠡᠷᠢᠵᠦ᠂ ᠠᠮᠤᠷ ᠲᠦᠪᠰᠢᠨ ᠤ ᠳᠠᠯᠲᠠ | ᠬᠡᠮ ᠢ ᠴᠠᠭ ᠲᠤᠬᠠᠢ ᠳᠤ ᠨᠢ ᠠᠷᠢᠯᠭᠠᠬᠤ ᠶᠢᠨ ᠬᠠᠮᠲᠤ ᠮᠠᠯ ᠤᠨ ᠬᠤᠭᠤᠷᠤᠨᠳᠤ ᠬᠠᠯᠳᠠᠪᠤᠷᠢᠯᠠᠬᠤ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠷᠢᠯᠠᠭᠤᠯᠤᠯᠲᠠ ᠬᠢᠵᠦ᠂ ᠪᠷᠦ᠋ᠼᠧᠯ ᠡᠪᠡᠳᠴᠢᠨ ᠤ | ᠬᠠᠯᠳᠠᠪᠤᠷᠢᠯᠠᠬᠤ ᠲᠦᠭᠰᠢᠭᠦᠷᠢ ᠶᠢ ᠪᠥᠬᠦ ᠲᠠᠯ᠎ᠠ ᠪᠠᠷ ᠰᠡᠷᠭᠡᠶᠢᠯᠡᠨ ᠡᠵᠡᠮᠳᠡᠵᠦ᠂ ᠬᠦᠬᠡᠬᠤᠲᠠ ᠶᠢᠨ ᠠᠮᠢᠲᠠᠨ ᠤ | ᠬᠢᠵᠢᠭ ᠢ ᠰᠡᠷᠭᠡᠶᠢᠯᠡᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ ᠃ | |