ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ  ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/4/17
      ᠰᠢᠨᠬᠤᠸᠠ ᠬᠤᠷᠢᠶ᠎ᠠ ᠶᠢᠨ ᠭᠤᠸᠠᠩᠵᠧᠦ ᠶᠢᠨ 4 ᠰᠠᠷ᠎ᠠ ᠶᠢᠨ 13 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ᠂ ᠭᠤᠸᠠᠩᠳᠦ᠋ᠩ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠠᠭᠠᠭᠤᠯᠤᠭᠴᠢ ᠂ ᠤᠷᠢᠳ ᠢᠶᠠᠷ ᠬᠡᠷᠡᠭᠵᠢᠭᠦᠯᠦᠭᠰᠡᠨ ᠣᠷᠣᠨ ᠂ ᠲᠤᠷᠰᠢᠯᠲᠠ ᠶᠢᠨ ᠣᠷᠣᠨ ᠮᠥᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠪᠠᠶᠢᠷᠢ ᠰᠠᠭᠤᠷᠢ ᠪᠠᠷ ᠴᠢᠬᠤᠯᠠ ᠂ ᠦᠢᠯᠡᠳᠦᠯ ᠢᠶᠠᠷ ᠲᠣᠪᠣᠶᠢᠮ᠎ᠠ ᠶᠤᠮ ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ ᠡᠵᠡᠮᠳᠡᠵᠦ ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ ᠭᠡᠵᠦ ᠴᠢᠬᠤᠯᠠᠴᠢᠯᠠᠪᠠ ᠃      4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ ᠂ 10 ᠤ ᠦᠳᠡ ᠶᠢᠨ ᠬᠤᠶᠢᠨ᠎ᠠ ᠂ ᠰᠢ ᠶᠢᠨ ᠫᠢᠩ ᠵᠠᠨᠵᠢᠶᠠᠩ ᠬᠤᠲᠠ ᠶᠢᠨ ᠰᠢᠦᠢ ᠸᠧᠨ ᠰᠢᠶᠠᠨ ᠤ ᠰᠢᠦᠢ ᠸᠧᠨ ᠭᠠᠷᠠᠮ ᠤᠨ ᠣᠩᠭᠤᠴᠠᠨ ᠤ ᠵᠣᠭᠰᠣᠭᠠᠯ ᠤᠨ ᠭᠠᠷᠠᠮ ᠳᠤ ᠣᠩᠭᠤᠴᠠᠨ ᠳᠡᠭᠡᠷᠡᠬᠢ ᠠᠶᠠᠨᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ
1.png
      4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ ᠂ 11 ᠤ ᠦᠳᠡ ᠶᠢᠨ ᠬᠤᠶᠢᠨ᠎ᠠ ᠂ ᠰᠢ ᠶᠢᠨ ᠫᠢᠩ ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ ᠲᠣᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ ᠃  ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ
2.png
      4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠺᠦᠨ ᠮᠢᠩ ᠪᠣᠯᠣᠨ ᠮᠤᠵᠢ ᠶᠢᠨ ᠳᠠᠷᠤᠭ᠎ᠠ ᠸᠠᠩ ᠸᠧᠢ ᠵᠦᠩ ᠤᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠵᠠᠨᠵᠢᠶᠠᠩ ᠂ ᠮᠤᠤᠮᠢᠩ ᠂ ᠭᠤᠸᠠᠩᠵᠧᠦ ᠵᠡᠷᠭᠡ ᠭᠠᠵᠠᠷ ᠲᠤ ᠬᠦᠷᠴᠦ ᠂ ᠠᠵᠤ ᠠᠬᠤᠶᠢᠯᠠᠯ ᠂ ᠭᠠᠷᠠᠮ ᠂ ᠬᠥᠳᠡᠭᠡ ᠲᠣᠰᠬᠤᠨ ᠵᠡᠷᠭᠡ ᠪᠠᠷ ᠭᠦᠨᠵᠡᠭᠡᠶᠢᠷᠡᠵᠦ ᠪᠠᠶᠢᠴᠠᠭᠠᠨ ᠰᠤᠳᠤᠯᠵᠠᠢ ᠃      10 ᠤ ᠦᠳᠡ ᠶᠢᠨ ᠡᠮᠦᠨ᠎ᠡ ᠂ ᠰᠢ ᠶᠢᠨ ᠫᠢᠩ ᠡᠩ ᠲᠡᠷᠢᠭᠦᠨ ᠳᠤ ᠵᠠᠨᠵᠢᠶᠠᠩ ᠬᠤᠲᠠ ᠶᠢᠨ ᠳ᠋ᠦᠩ ᠬᠠᠢ ᠳ᠋ᠣᠤ ᠠᠷᠠᠯ ᠳᠤ ᠪᠠᠶᠢᠷᠢᠯᠠᠭ᠎ᠠ ᠤᠯᠤᠰ ᠤᠨ 863 ᠲᠥᠯᠥᠪᠯᠡᠭᠡ ᠶᠢᠨ ᠲᠥᠷᠥᠯ ᠵᠦᠢᠯ ᠤᠨ ᠲᠡᠯᠡᠶ ᠶᠢᠨ ᠤᠰᠤᠨ ᠳᠤ ᠦᠷ᠎ᠡ ᠲᠡᠵᠢᠭᠡᠨ ᠦᠷᠡᠵᠢᠭᠦᠯᠭᠦ ᠢᠨᠵᠧᠨᠧᠷᠢᠩ ᠤᠨ ᠡᠮᠦᠨᠡᠲᠦ ᠣᠷᠣᠨ ᠤ ᠰᠠᠭᠤᠷᠢᠨ ᠳᠤ ᠰᠢᠨᠵᠢᠯᠡᠨ ᠪᠠᠶᠢᠴᠠᠭᠠᠪᠠ ᠃ ᠰᠢ ᠶᠢᠨ ᠫᠢᠩ ᠭᠤᠸᠠᠩᠳᠦ᠋ᠩ ᠮᠤᠵᠢ ᠶᠢᠨ ᠲᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ ᠂ ᠵᠢᠭᠠᠰᠤᠨ ᠠᠵᠤ ᠠᠬᠤᠢ ᠶᠢᠨ ᠰᠠᠶᠢᠨ ᠡᠭᠦᠯᠳᠡᠷ ᠤᠨ ᠦᠵᠡᠭᠦᠯᠭᠡ ᠶᠢ ᠪᠠᠶᠢᠴᠠᠭᠠᠨ ᠦᠵᠡᠵᠦ ᠂ ᠲᠤᠬᠠᠢ ᠶᠢᠨ ᠲᠠᠯᠠᠪᠠᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠲᠡᠵᠢᠭᠡᠨ ᠦᠷᠡᠵᠢᠭᠦᠯᠭᠦ ᠠᠵᠢᠯᠲᠠᠨ ᠠᠴᠠ ᠰᠣᠩᠭᠤᠨ ᠪᠣᠶᠢᠵᠢᠭᠤᠯᠬᠤ ᠮᠡᠷᠭᠡᠵᠢᠯ ᠂ ᠦᠷ᠎ᠡ ᠶᠢᠨ ᠴᠢᠬᠢ ᠶᠢᠨ ᠤᠷᠭᠤᠴᠠ ᠂ ᠵᠠᠬ᠎ᠠ ᠳᠡᠯᠭᠡᠭᠦᠷ ᠤᠨ ᠦᠨ᠎ᠡ ᠬᠠᠩᠰᠢ ᠵᠡᠷᠭᠡ ᠶᠢ ᠯᠠᠪᠯᠠᠨ ᠠᠰᠠᠭᠤᠪᠠ ᠃ ᠰᠢ ᠶᠢᠨ ᠫᠢᠩ ᠂ ᠳᠤᠮᠳᠠᠳᠤ ᠤᠯᠤᠰ ᠪᠣᠯ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠪᠠᠶᠢᠵᠤ ᠂ ᠪᠤᠳᠠᠭ᠎ᠠ ᠢᠳᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠭᠡᠨ ᠤ ᠲᠣᠮᠣ ᠦᠵᠡᠯᠲᠡ ᠶᠢ ᠪᠤᠢ ᠪᠤᠯᠭᠠᠵᠤ ᠂ ᠡᠬᠡ ᠬᠠᠭᠤᠷᠠᠢ ᠠᠴᠠ ᠢᠳᠡᠭᠡᠨ ᠠᠪᠬᠤ ᠬᠡᠷᠡᠭᠲᠡᠢ ᠪᠥᠭᠡᠳ ᠲᠠᠯᠠᠢ ᠲᠠᠩᠭᠢᠰ ᠠᠴᠠ ᠴᠦ ᠢᠳᠡᠭᠡᠨ ᠠᠪᠴᠤ ᠂ ᠲᠠᠯᠠᠢ ᠲᠠᠩᠭᠢᠰ ᠢ ᠠᠰᠢᠭᠯᠠᠨ ᠲᠠᠷᠢᠵᠦ ᠲᠡᠵᠢᠭᠡᠬᠦ ᠦᠢᠯᠡᠰ ᠢ ᠬᠥᠭᠵᠢᠭᠦᠯᠦᠨ ᠂ ᠲᠠᠯᠠᠢ ᠳᠡᠭᠡᠷᠡᠬᠢ ᠮᠠᠯᠵᠢᠯ ᠤᠨ ᠲᠠᠯᠠᠪᠠᠢ ᠂ ︽ ᠲᠠᠯᠠᠢ ᠳᠡᠭᠡᠷᠡᠬᠢ ᠠᠮᠤ ᠪᠤᠳᠠᠭᠠᠨ ᠤ ᠬᠥᠮᠥᠷᠭᠡ ︾  ᠶᠢ ᠪᠦᠲᠦᠭᠡᠨ ᠪᠠᠶᠢᠭᠤᠯᠬᠤ ᠬᠡᠷᠡᠭᠲᠡᠢ ᠃ ᠦᠷ᠎ᠡ ᠶᠢᠨ ᠦᠢᠯᠡᠰ ᠪᠣᠯ ᠤᠳᠤ ᠦᠶ᠎ᠡ ᠶᠢᠨ ᠲᠠᠷᠢᠶᠠᠯᠠᠩ ᠂ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ ᠂ ᠡᠨᠡ ᠬᠦ ᠠᠵᠢᠯ ᠢ ᠨᠠᠷᠢᠯᠢᠭ ᠰᠠᠶᠢᠨ ᠬᠢᠬᠦ ᠬᠡᠷᠡᠭᠲᠡᠢ ᠃ ᠭᠦᠨ ᠳᠠᠯᠠᠢ ᠶᠢᠨ ᠲᠡᠵᠢᠭᠡᠨ ᠦᠷᠡᠵᠢᠭᠦᠯᠭᠦ ᠲᠣᠨᠤᠭ ᠲᠥᠬᠦᠭᠡᠷᠦᠮᠵᠢ ᠪᠠ ᠣᠶᠤᠨᠲᠤ ᠵᠢᠭᠠᠰᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠳᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠮᠡᠳᠡᠭᠡ ᠵᠠᠩᠭᠢᠵᠢᠯᠲᠠ ᠂ ᠣᠶᠤᠨᠴᠢᠯᠠᠯᠲᠠ ᠂ ᠣᠳᠣᠬᠢᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠠᠬᠢᠭᠤᠯᠬᠤ ᠬᠡᠷᠡᠭᠲᠡᠢ ᠭᠡᠵᠦ  ᠵᠢᠭᠠᠵᠤ ᠭᠠᠷᠭᠠᠪᠠ ᠃      ᠵᠠᠨᠵᠢᠶᠠᠩ ᠤᠨ ᠤᠯᠠᠭᠠᠨ ᠣᠶ  ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠮᠠᠨ ᠤ ᠤᠯᠤᠰ ᠤᠨ ᠤᠯᠠᠭᠠᠨ ᠣᠶ ᠶᠢᠨ ᠲᠠᠯᠠᠪᠠᠶ ᠪᠠᠷ ᠬᠠᠮᠤᠭ ᠤᠨ ᠶᠡᠭᠡ ᠂ ᠲᠠᠷᠬᠠᠯᠲᠠ ᠪᠠᠷ ᠬᠠᠮᠤᠭ ᠤᠨ ᠲᠥᠪᠯᠡᠷᠡᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠮᠥᠨ ᠃ ᠰᠢ ᠶᠢᠨ ᠫᠢᠩ ᠬᠠᠮᠠᠭᠠᠯᠠᠯᠲᠠ ᠶᠢᠨ ᠣᠷᠣᠨ ᠤ ᠵᠡᠭᠦᠨ ᠬᠡᠰᠡᠭ ᠲᠤ ᠪᠠᠶᠢᠭ᠎ᠠ ᠮᠠ ᠵᠠᠩ ᠲᠣᠭᠤᠷᠢᠭ ᠤᠨ ᠬᠤ᠋ ᠭᠤᠸᠠᠩ ᠪᠠᠯᠭᠠᠰᠤ ᠶᠢᠨ ᠶᠢᠨ ᠨᠢᠦ ᠳ᠋ᠣᠣ ᠠᠷᠠᠯ ᠤᠯᠠᠭᠠᠨ ᠤᠢ ᠶᠢᠨ ᠵᠠᠯᠭᠠᠯᠳᠤᠭᠰᠠᠨ ᠣᠷᠣᠨ ᠳᠤ ᠬᠦᠷᠴᠦ ᠂ ᠤᠯᠠᠭᠠᠨ ᠤᠢ ᠶᠢᠨ ᠤᠷᠭᠤᠴᠠ ᠪᠠ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ ᠃ ᠲᠡᠷᠡ ᠂ ᠡᠨᠡ ᠬᠡᠰᠡᠭ ᠤᠯᠠᠭᠠᠨ ᠤᠢ ᠪᠣᠯ ︽ ᠤᠯᠤᠰ ᠤᠨ ᠡᠷᠳᠡᠨᠢ ︾ ᠮᠥᠨ ᠂ ᠨᠢᠳᠦᠨ ᠤ ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠃ ᠲᠠᠯᠠᠢ ᠲᠠᠩᠭᠢᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ ᠃ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ ᠂ ᠦᠶ᠎ᠡ ᠶᠢᠨ ᠦᠶ᠎ᠡ ᠳᠡᠭᠡᠨ ᠦᠷᠭᠦᠯᠵᠢᠯᠡᠨ ᠴᠢᠷᠮᠠᠶᠢᠵᠤ ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠵᠤ ᠂ ᠪᠥᠮᠪᠥᠷᠴᠡᠭ ᠤᠨ ᠲᠣᠰᠬᠤᠨ ᠢ ᠰᠠᠶᠢᠲᠤᠷ ᠬᠠᠮᠠᠭᠠᠯᠠᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃      10  ᠤ ᠦᠳᠡ ᠶᠢᠨ ᠬᠤᠶᠢᠨ᠎ᠠ ᠂ ᠰᠢ ᠶᠢᠨ ᠫᠢᠩ ᠵᠠᠨᠵᠢᠶᠠᠩ ᠬᠤᠳᠠ ᠶᠢᠨ ᠰᠢᠦᠢ ᠸᠧᠨ ᠰᠢᠶᠠᠨ ᠳᠤ ᠬᠦᠷᠴᠦ ᠂ ᠰᠢᠦᠢ ᠸᠧᠨ ᠭᠠᠷᠠᠮ ᠳᠤ ᠰᠢᠨᠵᠢᠯᠡᠨ ᠪᠠᠶᠢᠴᠠᠭᠠᠪᠠ ᠃ ᠰᠢᠦᠢ ᠸᠧᠨ ᠭᠠᠷᠠᠮ ᠤᠨ ᠲᠦᠷᠦᠯ ᠵᠦᠢᠯ ᠪᠣᠯ ᠭᠤᠸᠠᠩᠳᠦ᠋ᠩ ᠪᠣᠯᠣᠨ ᠬᠠᠶᠢᠨᠠᠨ ᠤ ᠢᠵᠢᠯᠢ ᠴᠢᠭᠯᠡᠯ ᠢᠶᠠᠷ ᠤᠷᠤᠭᠰᠢᠯᠠᠬᠤ ︽ ᠲᠡᠷᠢᠭᠦᠨ ᠴᠢᠬᠤᠯᠠ ᠢᠨᠵᠧᠨᠧᠷᠢᠩ ︾ ᠪᠣᠯᠣᠨ᠎ᠠ ᠃ ᠭᠠᠷᠠᠮ ᠤᠨ ᠲᠤᠰᠬᠠᠢ ᠭᠠᠷᠠᠮ ᠳᠤ ᠂ ᠰᠢ ᠶᠢᠨ ᠫᠢᠩ ᠰᠢᠦᠢ ᠸᠧᠨ ᠭᠠᠷᠠᠮ ᠤᠨ ᠪᠦᠭᠦ ᠪᠠᠶᠢᠳᠠᠯ ᠢ ᠪᠠᠶᠢᠴᠠᠭᠠᠨ ᠦᠵᠡᠵᠦ ᠂ ᠭᠤᠸᠠᠩᠳᠦ᠋ᠩ ᠮᠤᠵᠢ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠲᠠᠢ ᠵᠣᠯᠭᠠᠭᠤᠯᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠳᠠᠷᠠᠭ᠎ᠠ ᠨᠢ ᠂ ᠰᠢ ᠶᠢᠨ ᠫᠢᠩ ᠣᠩᠭᠤᠴᠠᠨ ᠤ ᠵᠣᠭᠰᠣᠭᠠᠯ ᠤᠨ ᠭᠠᠷᠠᠮ ᠳᠤ ᠬᠦᠷᠴᠦ ᠂ ᠣᠩᠭᠤᠴᠠ ᠵᠣᠬᠰᠣᠬᠤ ᠂ ᠠᠶᠠᠨᠴᠢᠳ ᠤᠨ ᠵᠥᠭᠡᠭᠡᠪᠦᠷᠢ ᠶᠢ ᠰᠣᠯᠢᠵᠤ ᠲᠤᠰᠬᠤ ᠵᠡᠷᠭᠡ ᠠᠵᠢᠯ ᠢ ᠪᠠᠶᠢᠴᠠᠭᠠᠨ ᠦᠵᠡᠪᠡ ᠃ ᠣᠩᠭᠤᠴᠠᠨ ᠳᠡᠭᠡᠷᠡᠬᠢ ᠠᠶᠠᠨᠴᠢᠳ ᠶᠡᠷᠦᠩᠬᠡᠢ ᠱᠦᠵᠢ ᠶᠢ ᠬᠠᠷᠠᠭᠠᠳ ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ ᠂ ᠳᠡᠳᠡᠨ ᠤ ᠠᠯᠢᠪᠠ ᠪᠦᠭᠦᠨ ᠥᠭᠡᠳᠡ ᠡᠰᠡᠷᠡᠭ ᠪᠠᠶᠢᠬᠤ ᠶᠢ ᠬᠦᠰᠡᠨ ᠵᠥᠩᠨᠡᠪᠡ ᠃ ᠰᠢ ᠶᠢᠨ ᠫᠢᠩ ᠂ ᠴᠢᠶᠦ᠋ᠩᠵᠸᠤ ᠲᠠᠯᠠᠢ ᠶᠢᠨ ᠬᠤᠭᠤᠯᠠᠢ ᠪᠣᠯ ᠤᠯᠤᠰ ᠤᠨ ᠡᠮᠦᠨᠡᠲᠦ ᠲᠠᠩᠭᠢᠰ ᠢ ᠭᠠᠲᠤᠯᠬᠤ ᠪᠠᠶᠢᠯᠳᠤᠬᠤ ᠪᠣᠳᠣᠯᠭ᠎ᠠ ᠶᠢᠨ ᠵᠠᠮ ᠪᠤᠯᠬᠤ ᠪᠥᠭᠡᠳ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠪᠠᠭᠠᠯᠵᠤᠤᠷ ᠭᠤᠣᠯ ᠵᠠᠮ ᠪᠣᠯᠣᠨ᠎ᠠ ᠂ ︽ᠰᠢᠵᠢᠷ ᠠᠯᠳᠠᠨ ᠤᠰᠤᠨ ᠵᠠᠮ ︾ ᠪᠣᠯᠣᠨ ᠠᠶᠠᠨᠴᠢᠳ ᠤᠨ ᠵᠥᠭᠡᠭᠡᠪᠦᠷᠢ ᠶᠢᠨ ᠬᠠᠮᠤᠭ ᠤᠨ ᠰᠠᠶᠢᠨ ᠵᠠᠮ ᠪᠤᠯᠬᠤ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ ᠂ ᠰᠢᠦᠢ ᠸᠧᠨ ᠭᠠᠷᠠᠮ ᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠣᠯᠣᠨ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠬᠤᠯᠪᠣᠭᠰᠠᠨ ᠣᠳᠣᠬᠢᠴᠢᠯᠠᠭᠰᠠᠨ ᠤᠰᠤ ᠬᠠᠭᠤᠷᠠᠢ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠦᠢᠰᠦ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢᠦᠢ ᠸᠧᠨ ᠭᠠᠷᠠᠮ ᠠᠴᠠ ᠭᠠᠷᠴᠤ ᠂ ᠰᠢ ᠶᠢᠨ ᠫᠢᠩ ᠪᠧᠢ ᠪᠦ᠋ ᠸᠠᠨ ᠪᠤᠯᠤᠩ ᠢ ᠲᠣᠭᠤᠷᠢᠭᠰᠠᠨ ᠭᠤᠸᠠᠩᠳᠦ᠋ᠩ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠤᠨ ᠡᠮᠦᠨᠡᠰᠢ ᠤᠰᠤ ᠳᠠᠮᠵᠢᠭᠤᠯᠬᠤ ᠠᠭᠤᠯᠵᠠᠷ ᠦᠷᠲᠡᠭᠡ - ᠰᠢᠦᠢ ᠸᠧᠨ ᠰᠢᠶᠠᠨ ᠤ ᠳ᠋ᠠ ᠱᠦᠢ ᠴᠢᠶᠣᠤ ᠤᠰᠤᠨ ᠴᠥᠭᠦᠷᠥᠮ ᠳᠤ ᠬᠦᠷᠴᠦ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠂ ᠬᠠᠮᠢᠶᠠᠷᠤᠯᠲᠠ ᠂ ᠠᠵᠢᠯᠯᠠᠭᠠᠨ ᠪᠠ ᠦᠷᠭᠦᠯᠵᠢᠯᠡᠬᠦ ᠢᠨᠵᠧᠨᠧᠷᠢᠩ ᠤᠨ ᠲᠥᠯᠦᠪᠵᠢᠭᠦᠯᠭᠡ ᠵᠡᠷᠭᠡ ᠪᠠᠶᠢᠳᠠᠯ ᠢ ᠣᠶᠢᠯᠠᠭᠠᠪᠠ ᠃ ᠠᠵᠢᠯᠲᠠᠳ ᠶᠡᠷᠦᠩᠬᠡᠢ ᠱᠦᠵᠢ ᠳᠤ ᠤᠰᠤᠨ ᠤ ᠶᠠᠩᠵᠤ ᠪᠣᠯᠣᠨ ᠬᠢᠨᠠᠨ ᠭᠡᠮᠵᠢᠭᠦ ᠲᠥᠬᠦᠭᠡᠷᠦᠮᠵᠢ ᠶᠢ ᠳᠡᠯᠭᠡᠨ ᠦᠵᠡᠭᠦᠯᠵᠦ ᠂ ᠲᠤᠬᠠᠢ ᠶᠢᠨ ᠭᠠᠵᠠᠷ ᠤᠨ ᠡᠷᠭᠢᠨ ᠲᠣᠭᠤᠷᠢᠨ ᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠪᠡ ᠃ ᠰᠢ ᠶᠢᠨ ᠫᠢᠩ ᠂ ᠮᠠᠨ ᠤ ᠤᠯᠤᠰ ᠲᠤ ᠤᠰᠤ ᠲᠤᠲᠠᠭᠳᠠᠵᠤ ᠪᠠᠶᠢᠬᠤ ᠪᠥᠭᠡᠳ ᠤᠰᠤᠨ ᠤ ᠡᠬᠢ ᠪᠠᠶᠠᠯᠢᠭ ᠤᠨ ᠲᠠᠷᠬᠠᠯᠲᠠ ᠮᠠᠰᠢ ᠲᠡᠩᠴᠡᠭᠦᠷᠢ ᠦᠭᠡᠢ ᠪᠠᠶᠢᠨ᠎ᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠣᠳᠣᠯᠬᠢᠯᠠᠵᠤ ᠂ ᠤᠰᠤ ᠪᠠᠷ ᠬᠤᠲᠠ ᠶᠢ ᠲᠣᠭᠲᠠᠭᠠᠵᠤ ᠂ ᠤᠰᠤ ᠪᠠᠷ ᠭᠠᠵᠠᠷ ᠢ ᠲᠣᠭᠲᠠᠭᠠᠵᠤ ᠂ ᠤᠰᠤ ᠪᠠᠷ ᠬᠥᠮᠥᠨ ᠢ ᠲᠣᠭᠲᠠᠭᠠᠵᠤ ᠂ ᠤᠰᠤ ᠪᠠᠷ ᠭᠠᠷᠤᠯᠲᠠ ᠶᠢ ᠲᠣᠭᠲᠠᠭᠠᠵᠤ ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ ᠃ ᠭᠤᠸᠠᠩᠳᠦ᠋ᠩ ᠮᠤᠵᠢ ᠶᠢᠨ  ᠬᠢᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠰᠠᠶᠢᠲᠤᠷ ᠠᠳᠬᠤᠵᠤ ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢ ᠲᠦᠷᠭᠡᠳᠬᠡᠵᠦ ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ᠥᠷᠭᠡᠨ ᠣᠯᠠᠨ ᠠᠷᠠᠳ ᠲᠦᠮᠡᠨ ᠳᠤ ᠡᠷᠲᠡᠬᠡᠨ ᠪᠤᠶᠠᠨ ᠦᠶᠯᠡᠳᠭᠦ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ 11 ᠤ ᠡᠳᠦᠷ ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ ᠲᠣᠰᠬᠤᠨ ᠳᠤ ᠰᠢᠨᠵᠢᠯᠡᠨ ᠪᠠᠶᠢᠴᠠᠭᠠᠪᠠ ᠃ ᠪᠠᠢ ᠴᠢᠶᠣᠤ ᠲᠣᠰᠬᠤᠨ ᠪᠠᠷᠤᠭ 6800 ᠮᠦ ᠪᠡᠷᠴᠢᠭᠢᠷ ᠯᠣᠣ ᠶᠢᠨ ᠨᠢᠳᠦ ᠲᠠᠷᠢᠵᠦ ᠂ ᠪᠡᠷᠴᠢᠭᠢᠷ ᠯᠣᠣ ᠶᠢᠨ ᠨᠢᠳᠦ ᠦᠢᠯᠡᠳᠪᠦᠷᠢᠯᠡᠬᠦ ᠲᠤᠰᠬᠠᠢ ᠲᠣᠰᠬᠤᠨ ᠪᠣᠯᠣᠨ᠎ᠠ ᠃ ᠰᠢ ᠶᠢᠨ ᠫᠢᠩ ᠪᠡᠷᠴᠢᠭᠢᠷ ᠯᠣᠣ ᠶᠢᠨ ᠨᠢᠳᠦ ᠶᠢᠨ ᠲᠠᠷᠢᠮᠠᠯ ᠤᠨ ᠬᠦᠷᠢᠶᠡᠯᠡᠩ ᠳᠤ ᠬᠦᠷᠴᠦ ᠂ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠮᠠᠯ ᠤᠨ ᠠᠵᠤ ᠦᠢᠯᠡᠰ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ ᠪᠠᠶᠢᠭ᠎ᠠ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠲᠤᠬᠠᠢ ᠶᠢᠨ ᠲᠠᠯᠠᠪᠠᠶ ᠶᠢᠨ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ ᠃ ᠲᠠᠷᠠᠭ᠎ᠠ ᠨᠢ ᠂ ᠰᠢ ᠶᠢᠨ ᠫᠢᠩ ᠪᠠᠢ ᠴᠢᠶᠣᠤ ᠶᠢᠨ ᠯᠣᠣ ᠶᠢᠨ ᠨᠢᠳᠦ ᠪᠡᠷᠴᠢᠭᠢᠷ ᠯᠣᠣ ᠶᠢᠨ ᠨᠢᠳᠦ ᠶᠢᠨ ᠲᠤᠰᠬᠠᠢ ᠬᠤᠷᠰᠢᠶ᠎ᠠ ᠳᠤ ᠬᠦᠷᠴᠦ ᠂ ᠬᠤᠷᠰᠢᠶ᠎ᠠ ᠶᠢᠨ ᠡᠵᠡᠩᠨᠡᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ ᠃ ᠰᠢ ᠶᠢᠨ ᠫᠢᠩ ᠂ ᠡᠨᠡ ᠪᠣᠯ ᠪᠡᠷᠴᠢᠭᠢᠷ ᠯᠣᠣ ᠶᠢᠨ ᠨᠢᠳᠦᠨ ᠤ ᠨᠤᠲᠤᠭ ᠂ ᠪᠡᠷᠴᠢᠭᠢᠷ ᠯᠣᠣ ᠶᠢᠨ ᠨᠢᠳᠦᠨ ᠤ ᠲᠠᠷᠢᠮᠠᠯ ᠨᠢ ᠲᠡᠦᠬᠡ ᠶᠢᠨ ᠤᠯᠠᠮᠵᠢᠯᠠᠯ ᠪᠠ ᠰᠣᠶᠣᠯ ᠤᠨ ᠠᠭᠤᠯᠤᠭᠳᠠᠬᠤᠨ ᠲᠠᠢ ᠂ ᠣᠨᠴᠠᠯᠢᠭ ᠢᠶᠠᠷ ᠢᠯᠡ ᠲᠣᠳᠣ ᠂ ᠳᠠᠪᠠᠭᠤᠯᠢᠭ ᠢᠶᠠᠷ ᠢᠯᠡᠷᠬᠡᠢ ᠂ ᠵᠠᠬ᠎ᠠ ᠳᠡᠯᠭᠡᠭᠦᠷ ᠤᠨ ᠣᠷᠣᠨ ᠵᠠᠢ ᠪᠠᠷ ᠥᠷᠭᠡᠨ ᠠᠭᠤᠳᠠᠮ ᠪᠠᠶᠢᠵᠤ ᠂ ᠳᠠᠷᠢᠬᠤ ᠂ ᠰᠣᠷᠭᠤᠭ ᠪᠠᠶᠢᠯᠭᠠᠬᠤ ᠂ ᠡᠳ᠋ᠰᠢᠭᠦᠯᠭᠦ ᠵᠡᠷᠭᠡ ᠮᠡᠷᠭᠡᠵᠢᠯ ᠢ ᠴᠢᠨᠠᠭᠰᠢᠳᠠ ᠳᠡᠭᠡᠭᠰᠢᠯᠡᠭᠦᠯᠵᠦ ᠂ ᠪᠡᠷᠴᠢᠭᠢᠷ ᠯᠣᠣ ᠶᠢᠨ ᠨᠢᠳᠦᠨ ᠤ ᠣᠨᠴᠠᠯᠢᠭᠲᠤ ᠠᠵᠤ ᠦᠢᠯᠡᠰ ᠪᠠ ᠣᠨᠴᠠᠯᠢᠭᠲᠤ ᠰᠣᠶᠣᠯ ᠵᠢᠭᠤᠯᠴᠢᠯᠠᠯ ᠢ ᠨᠠᠩ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠠᠶᠠᠷᠯᠠᠬᠤ ᠦᠶ᠎ᠡ ᠳᠤ ᠂ ᠲᠣᠰᠬᠤᠨ ᠤ ᠠᠷᠠᠳ ᠥᠨᠳᠥᠷ ᠲᠠᠭᠤᠨ ᠢᠶᠠᠷ ︽ ᠶᠡᠷᠦᠩᠬᠡᠢ ᠱᠦᠵᠢ ᠰᠠᠶᠢᠨ ᠪᠠᠶᠢᠨ᠎ᠠ ᠦᠦ︾᠂ ︽ ᠶᠡᠷᠦᠩᠬᠡᠢ ᠱᠦᠵᠢ ᠵᠦᠳᠡᠷᠡᠯ᠎ᠡ ︾ ᠭᠡᠵᠦ ᠤᠤᠬᠠᠶᠢᠯᠠᠨ ᠬᠠᠰᠬᠢᠷᠪᠠ ᠃ ᠰᠢ ᠶᠢᠨ ᠫᠢᠩ ᠂ ᠡᠨᠡ ᠪᠣᠯ ᠮᠢᠨᠤ ᠠᠩᠬ᠎ᠠ ᠤᠳᠠᠭ᠎ᠠ ᠭᠤᠸᠠᠩᠳᠦ᠋ᠩ ᠤᠨ ᠪᠠᠷᠠᠭᠤᠨ ᠬᠡᠰᠡᠭ ᠲᠤ ᠬᠦᠷᠴᠦ ᠪᠠᠶᠢᠭ᠎ᠠ ᠶᠠᠪᠤᠳᠠᠯ ᠪᠣᠯᠣᠨ᠎ᠠ ᠂ ᠨᠤᠲᠤᠭ ᠤᠨ ᠠᠬ᠎ᠠ ᠳᠡᠭᠦᠦ ᠨᠠᠷ ᠪᠡᠷᠴᠢᠭᠢᠷ ᠯᠣᠣ ᠶᠢᠨ ᠨᠢᠳᠦ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠢ ᠬᠥᠭᠵᠢᠭᠦᠯᠬᠦ ᠪᠠᠷ ᠲᠠᠮᠵᠢᠨ ᠪᠠᠶᠠᠨ ᠴᠢᠨᠡᠭᠡᠯᠢᠭ ᠠᠮᠢᠳᠤᠷᠠᠯ ᠲᠠᠢ ᠪᠣᠯᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠰᠡᠭᠦᠯᠡᠷ ᠪᠠᠶᠠᠵᠢᠬᠤ ᠶᠢ ᠬᠠᠪᠰᠤᠷᠤᠨ ᠲᠡᠳᠭᠦᠭᠦ ᠪᠠᠨ ᠴᠢᠩᠭᠠᠳᠬᠠᠵᠤ ᠂ ᠨᠤᠲᠤᠭ ᠤᠨ ᠰᠤᠷᠲᠠᠯ ᠪᠣᠯᠪᠠᠰᠤᠨ ᠢ ᠠᠬᠢᠭᠤᠯᠵᠤ ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠵᠤ ᠂ ᠤᠯᠠᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ ᠃      ᠰᠢ ᠶᠢᠨ ᠫᠢᠩ 12 ᠤᠨ ᠡᠳᠦᠷ ᠭᠤᠸᠠᠩᠵᠧᠦ ᠬᠤᠳᠠ ᠳᠤ ᠰᠢᠨᠵᠢᠯᠡᠨ ᠪᠠᠶᠢᠴᠠᠭᠠᠪᠠ ᠃ ᠲᠤᠰ ᠡᠳᠦᠷ ᠤᠨ ᠦᠳᠡ ᠶᠢᠨ ᠬᠤᠶᠢᠨ᠎ᠠ ᠂ ᠲᠡᠷᠡ ᠡᠩ ᠲᠡᠷᠢᠭᠦᠨ ᠳᠤ ᠯᠧ ᠶᠢᠨ ᠳᠡᠯᠭᠡᠴᠡ ᠶᠢᠨ ᠺᠤᠮᠫᠠᠨᠢ ᠶᠢᠨ ᠭᠤᠸᠠᠩᠵᠧᠦ ᠳᠠᠬᠢ ᠦᠢᠯᠡᠳᠭᠦ ᠰᠠᠭᠤᠷᠢᠨ ᠳᠤ ᠭᠦᠷᠪᠡ ᠃ ᠭᠤᠸᠠᠩᠳᠦ᠋ᠩ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠦᠭᠦ ᠮᠤᠵᠢ ᠶᠢᠨ ᠣᠶᠢᠷ᠎ᠠ ᠶᠢᠨ ᠵᠢᠯ ᠤᠨ ᠲᠤᠷᠰᠢᠬᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠶᠢᠨ ᠠᠷᠭ᠎ᠠ ᠪᠣᠯᠣᠨ ᠦᠷ᠎ᠡ ᠪᠦᠲᠦᠮᠵᠢ ᠶᠢ ᠲᠠᠨᠢᠯᠴᠠᠭᠤᠯᠪᠠ ᠃ ᠰᠢ ᠶᠢᠨ ᠫᠢᠩ ᠦᠢᠯᠡᠳᠬᠦᠨ ᠤ ᠦᠵᠡᠭᠦᠯᠭᠡ ᠪᠣᠯᠣᠨ ᠦᠢᠯᠡᠳᠪᠦᠷᠢᠯᠡᠵᠦ ᠤᠭᠰᠠᠷᠠᠬᠤ ᠶᠠᠪᠤᠴᠠ ᠶᠢ ᠪᠠᠶᠢᠴᠠᠭᠠᠨ ᠦᠵᠡᠵᠦ ᠂ ᠠᠵᠤ ᠠᠬᠤᠶᠢᠯᠠᠯ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠂ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠬᠦᠴᠦᠨ ᠮᠡᠬᠦᠰᠳᠡᠵᠦ ᠪᠠᠶᠢᠭ᠎ᠠ ᠪᠠᠶᠢᠳᠠᠯ ᠳᠣᠣᠷ᠎ᠠ ᠂ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠪᠠᠯ ᠵᠠᠬ᠎ᠠ ᠳᠡᠯᠭᠡᠭᠦᠷ ᠤᠨ ᠳᠠᠪᠠᠭᠤᠯᠢᠭ ᠨᠡᠩ ᠢᠯᠡᠷᠬᠡᠢ ᠪᠣᠯᠣᠨ᠎ᠠ ᠃ ᠭᠠᠳᠠᠭᠠᠳᠤ ᠶᠢᠨ ᠪᠡᠯᠡ ᠣᠷᠣᠭᠤᠯᠤᠭᠴᠢᠳ ᠠᠵᠠ ᠲᠣᠭᠢᠶᠠᠯ ᠢ ᠠᠮᠵᠢᠵᠤ ᠂ ᠳᠤᠮᠳᠠᠳᠤ ᠤᠯᠤᠰ ᠲᠤ ᠢᠷᠡᠵᠦ ᠂ ᠭᠤᠸᠠᠩᠳᠦ᠋ᠩ ᠳᠤ ᠢᠷᠡᠵᠦ ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠳᠤ ᠢᠷᠡᠵᠦ ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠰᠠᠶᠢᠲᠤᠷ ᠬᠥᠭᠵᠢᠭᠦᠯᠵᠦ ᠂ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠡᠭᠦᠳᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃      ᠰᠢ ᠶᠢᠨ ᠫᠢᠩ ᠳᠠᠷᠠᠭ᠎ᠠ ᠨᠢ ᠭᠤᠸᠠᠩᠵᠧᠦ ᠶᠢᠨ ᠮᠠᠰᠢᠨ ᠲᠡᠷᠭᠡᠨ ᠤ ᠺᠤᠮᠫᠠᠨᠢ ᠶᠢᠨ ᠠᠢ ᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠪᠠ ᠃ ᠲᠡᠷᠡ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ ᠂ ᠶᠡᠷᠦᠩᠬᠡᠢ ᠲᠣᠨᠣᠭᠯᠠᠯ ᠤᠨ ᠲᠠᠰᠤᠭ ᠂ ᠳ᠋ᠢᠶᠠᠨ ᡂᠢ ᠦᠢᠯᠡᠳᠪᠦᠷᠢᠯᠡᠬᠦ ᠲᠠᠰᠤᠭ ᠵᠡᠷᠭᠡ ᠳᠤ ᠬᠦᠷᠴᠦ ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠭᠰᠠᠨ ᠪᠠ ᠦᠢᠯᠡᠳᠭᠦ ᠦᠢᠯᠡᠰ ᠤᠨ ᠳᠡᠭᠡᠳᠦ ᠲᠡᠰᠵᠢᠭᠦᠯᠦᠯᠳᠡ ᠂ ᠣᠶᠤᠨᠴᠢᠯᠠᠯᠲᠠ ᠂ ᠪᠣᠬᠢᠷᠳᠤᠯ ᠦᠭᠡᠶᠢᠵᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠢ ᠣᠶᠢᠯᠠᠭᠠᠪᠠ ᠃ ᠭᠤᠸᠠᠩᠵᠧᠦ ᠶᠢᠨ ᠮᠠᠰᠢᠨ ᠲᠡᠷᠭᠡᠨ ᠤ ᠰᠤᠳᠤᠯᠭᠠᠨ ᠤ ᠬᠦᠷᠢᠶᠡᠯᠡᠩ ᠳᠤ ᠂ ᠰᠢ ᠶᠢᠨ ᠫᠢᠩ ᠣᠶᠤᠨᠲᠤ ᠰᠦᠯᠵᠢᠶᠡᠨ ᠤ ᠲᠤᠷᠰᠢᠯᠲᠠ ᠶᠢᠨ ᠲᠠᠰᠤᠭ ᠂ ᠵᠠᠭᠪᠤᠷ ᠢ ᠵᠢᠷᠤᠵᠤ ᠲᠥᠯᠥᠪᠯᠡᠬᠦ ᠲᠤᠷᠰᠢᠯᠲᠠ ᠶᠢᠨ ᠲᠠᠰᠤᠭ ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠂ ᠠᠵᠤ ᠠᠬᠤᠶᠢᠯᠠᠯᠲᠠᠨ ᠂ ᠠᠵᠢᠯᠲᠠᠨ ᠠᠵᠢᠯᠴᠢᠨ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ ᠃ ᠰᠢ ᠶᠢᠨ ᠫᠢᠩ ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠦᠷᠦ ᠶᠢᠨ ᠪᠣᠳᠣᠯᠭ᠎ᠠ ᠤᠷᠳᠤ ᠬᠤᠭᠤᠴᠠᠭ᠎ᠠ ᠪᠠᠷ ᠬᠤᠪᠢᠷᠠᠬᠤ ᠦᠭᠡᠢ ᠂ ᠨᠡᠭᠡᠭᠡᠯᠲᠡ ᠶᠢᠨ ᠡᠭᠦᠳᠡ ᠪᠠᠨ ᠡᠭᠦᠷᠢᠳᠡ ᠥᠪᠡᠷ ᠢᠶᠠᠨ ᠬᠠᠭᠠᠬᠤ ᠦᠭᠡᠢ ᠶᠤᠮ ᠃ ᠪᠢᠳᠡᠨ ᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠳᠤᠷᠠᠲᠠᠢ ᠠᠯᠢᠪᠠ ᠤᠯᠤᠰ ᠲᠤ ᠪᠢᠳᠡ ᠴᠥᠮ ᠳᠤᠷᠠᠲᠠᠶ᠎ᠠ ᠲᠡᠳᠡᠨ ᠲᠠᠢ ᠠᠳᠠᠯᠢ ᠴᠢᠭᠯᠡᠯ ᠢᠶᠠᠷ ᠤᠷᠤᠭᠰᠢᠯᠠᠵᠤ ᠂ ᠳᠡᠯᠡᠬᠡᠢ ᠶᠢᠨ ᠠᠵᠤ ᠠᠬᠤᠢ ᠶᠢᠨ ᠬᠠᠮᠲᠤ ᠪᠠᠷ ᠴᠡᠴᠡᠭᠯᠡᠨ ᠭᠦᠭᠵᠢᠭᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ ᠰᠢ ᠶᠢᠨ ᠫᠢᠩ ᠂ ᠳᠤᠮᠳᠠᠳᠤ ᠤᠯᠤᠰ ᠪᠣᠯ ᠲᠣᠮᠣ ᠤᠯᠤᠰ ᠮᠥᠨ ᠂ ᠪᠣᠳᠠᠲᠤ ᠴᠣᠭᠴᠠ ᠶᠢᠨ ᠠᠵᠤ ᠠᠬᠤᠢ ᠶᠢ ᠴᠢᠬᠤᠯᠠᠴᠢᠯᠠᠵᠤ ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠵᠠᠮ ᠢᠶᠠᠷ ᠵᠠᠮᠨᠠᠬᠤ ᠬᠡᠷᠡᠭᠲᠡᠢ ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠳᠤ ᠰᠠᠭᠤᠷᠢᠯᠠᠬᠤ ᠬᠡᠷᠡᠭᠲᠡᠢ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠬᠢᠬᠦ ᠶᠢ ᠴᠦ ᠪᠠᠶᠠᠷᠯᠠᠨ ᠤᠭᠲᠤᠨ᠎ᠠ ᠃ ᠰᠤᠷᠭᠠᠨ ᠬᠥᠮᠦᠵᠢᠯ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃      13 ᠤ ᠦᠳᠡ ᠶᠢᠨ ᠡᠮᠦᠨ᠎ᠡ ᠂ ᠰᠢ ᠶᠢᠨ ᠫᠢᠩ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠭᠤᠸᠠᠩᠳᠦ᠋ᠩ ᠤᠨ ᠡᠯ᠎ᠡ ᠵᠦᠢᠯ ᠤᠨ ᠠᠵᠢᠯ ᠤᠨ  ᠠᠮᠵᠢᠯᠲᠠ ᠪᠦᠲᠦᠮᠵᠢ ᠶᠢ ᠨᠤᠲᠠᠯᠠᠪᠠ ᠃      ᠰᠢ ᠶᠢᠨ ᠫᠢᠩ ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠪᠦᠭᠦ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤᠮᠳᠠ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ ᠃ ᠭᠤᠸᠠᠩᠳᠦ᠋ᠩ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠤᠸᠠᠩᠳᠦ᠋ᠩ ᠤᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠡᠭᠡ ᠠᠵᠠ ᠲᠣᠭᠢᠶᠠᠯ ᠂ ᠶᠡᠭᠡ ᠶᠠᠪᠤᠳᠠᠯ ᠪᠣᠯᠭᠠᠨ ᠱᠠᠯᠠᠪᠳᠠᠨ ᠪᠣᠳᠠᠲᠠᠶᠢᠵᠢᠭᠤᠯᠵᠤ ᠂ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠳᠤ ᠲᠠᠯᠪᠢᠵᠤ ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ ᠂ ᠪᠦᠭᠦ ᠮᠤᠵᠢ ᠶᠢᠨ ᠬᠦᠴᠦᠨ ᠢᠶᠠᠨ ᠳᠠᠶᠢᠴᠢᠯᠠᠨ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠢ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠭᠦ ᠭᠠᠵᠠᠷ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠠᠭᠠᠭᠤᠯᠤᠭᠴᠢ ᠭᠠᠵᠠᠷ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠪᠣᠯᠣᠨ᠎ᠠ ᠃ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠣᠷᠣᠨ ᠪᠦᠰᠡ ᠶᠢᠨ ᠰᠢᠨ᠎ᠡ ᠶᠢ ᠡᠭᠦᠳᠭᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠯ᠎ᠠ ᠪᠠᠷ ᠨᠡᠩ ᠶᠡᠭᠡ ᠠᠬᠢᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ ᠃ ᠳᠤᠮᠳᠠ ᠪᠠᠭ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠭᠦ ᠶᠢ ᠳᠡᠮᠵᠢᠭᠦ ᠪᠠᠨ ᠴᠢᠩᠭᠠᠳᠬᠠᠵᠤ ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠲᠠᠢ ᠨᠡᠩ ᠤᠯᠠᠨ ᠰᠢᠨ᠎ᠡ ᠶᠢ ᠡᠭᠦᠳᠭᠦ ᠭᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠬᠡᠷᠡᠭᠲᠡᠢ ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ ᠂ ᠰᠢᠨ᠎ᠡ ᠶᠢ ᠡᠭᠦᠳᠭᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠪᠠᠶᠢᠭᠤᠯᠬᠤ ᠬᠡᠷᠡᠭᠲᠡᠢ ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠢᠳᠠᠪᠤᠷᠢᠲᠠᠨ ᠤ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢᠲᠠᠨ ᠢ ᠲᠥᠪᠯᠡᠷᠡᠭᠦᠯᠬᠦ ᠦᠢᠯᠡᠳᠦᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠳᠠᠲᠠᠢ ᠠᠴᠠ ᠰᠠᠯᠤᠩᠭᠢᠷᠠᠵᠤ ᠬᠡᠶᠢᠰᠪᠦᠷᠢ ᠪᠠᠶᠢᠵᠤ ᠪᠤᠯᠬᠤ ᠦᠭᠡᠢ ᠂ ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠭᠤᠸᠠᠩᠳᠦ᠋ᠩ ᠮᠤᠵᠢ ᠦᠢᠯᠡᠳᠭᠦ ᠦᠢᠯᠡᠰ ᠢᠶᠠᠷ ᠮᠤᠵᠢ ᠪᠠᠨ ᠪᠠᠶᠢᠭᠤᠯᠬᠤ ᠶᠢ ᠢᠮᠠᠭᠲᠠ ᠪᠠᠷᠢᠮᠲᠠᠯᠠᠵᠤ ᠂ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠬᠦ ᠶᠢ ᠨᠡᠩ ᠴᠢᠬᠤᠯᠠᠴᠢᠯᠠᠵᠤ ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠲᠦᠷᠭᠡᠳᠬᠡᠵᠦ ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ ᠂ ᠤᠯᠠᠨ ᠤᠯᠤᠰ ᠤᠨ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠪᠦᠭᠦ ᠠᠷᠠᠳ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠮᠥᠨ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠭᠤᠸᠠᠩᠳᠦ᠋ᠩ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢᠶᠠᠨ ᠬᠦᠴᠦ ᠣᠷᠣᠭᠤᠯᠤᠨ ᠰᠢᠢᠳᠪᠦᠷᠢᠯᠡᠵᠦ ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠣᠷᠣᠨ ᠪᠦᠰᠡ ᠠᠯᠤᠰᠯᠠᠨ ᠬᠤᠯᠪᠣᠯᠳᠤᠨ ᠨᠡᠪᠲᠡᠷᠡᠯᠴᠡᠬᠦ ᠪᠠᠨ ᠲᠦᠷᠭᠡᠳᠬᠡᠨ ᠠᠬᠢᠭᠤᠯᠵᠤ ᠂ ᠭᠤᠸᠠᠩᠳᠦ᠋ᠩ ᠤᠨ ᠵᠡᠭᠦᠨ ᠬᠡᠰᠡᠭ ᠂ ᠭᠤᠸᠠᠩᠳᠦ᠋ᠩ ᠤᠨ ᠪᠠᠷᠠᠭᠤᠨ ᠬᠡᠰᠡᠭ ᠂ ᠭᠤᠸᠠᠩᠳᠦ᠋ᠩ ᠤᠨ ᠬᠤᠶᠢᠲᠤ ᠬᠡᠰᠡᠭ ᠤᠨ ᠭᠠᠵᠠᠷ ᠣᠷᠣᠨ ᠤ ᠬᠢᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠵᠤ ᠦᠢᠯᠡᠰ ᠤᠨ ᠡᠮᠬᠢ ᠵᠢᠷᠤᠮ ᠲᠠᠢ ᠰᠢᠯᠵᠢᠯᠲᠡ ᠶᠢ ᠨᠡᠩ ᠰᠠᠶᠢᠲᠤᠷ ᠲᠤᠰᠴᠤ ᠠᠪᠬᠤ ᠶᠢ ᠲᠠᠶᠢᠴᠢᠯᠠᠨ ᠠᠬᠢᠭᠤᠯᠬᠤ ᠬᠡᠷᠡᠭᠲᠡᠢ ᠃ ᠡᠬᠡ ᠬᠠᠭᠤᠷᠠᠢ ᠪᠠ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ ᠂ ᠠᠭᠤᠯᠠ ᠳᠠᠯᠠᠢ ᠶᠢ ᠬᠠᠮᠵᠢᠯᠴᠠᠭᠤᠯᠬᠤ ᠶᠢ ᠴᠢᠩᠭᠠᠳᠬᠠᠵᠤ ᠂ ᠭᠠᠷᠠᠮ ᠠᠵᠤ ᠦᠢᠯᠡᠰ ᠬᠤᠳᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ ᠂ ᠳᠠᠯᠠᠢ ᠲᠠᠩᠭᠢᠰ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ ᠂ ᠳᠠᠯᠠᠢ ᠲᠠᠩᠭᠢᠰ ᠤᠨ ᠬᠦᠴᠦᠷᠬᠡᠭ ᠮᠤᠵᠢ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠭᠦᠭᠦ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠪᠣᠯᠣᠨ᠎ᠠ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠭᠡᠰᠢᠭᠦᠨ ᠂ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠃ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ ᠂ ᠰᠠᠭᠤᠭᠳᠠᠭᠤᠯᠬᠤ ᠂ ᠣᠨᠳᠣᠣᠰᠢᠭᠤᠯᠬᠤ ᠠᠵᠢᠯ ᠢ ᠰᠠᠶᠢᠲᠤᠷ ᠬᠢᠵᠦ ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠵᠠᠰᠠᠵᠤ ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠵᠤ ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ ᠃ ᠨᠢᠭᠡ ᠳᠤ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠂ ᠨᠠᠮ ᠤᠨ ᠦᠷᠲᠡᠭ ᠤᠨ ᠬᠥᠭᠡᠭᠡᠴᠡᠯᠳᠦᠯ ᠪᠠ ᠤᠷᠤᠭᠰᠢᠯᠠᠯᠲᠠ ᠶᠢᠨ ᠴᠢᠭᠯᠡᠯ ᠤᠨ ᠲᠤᠬᠠᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠮᠡᠳᠡᠷᠡᠮᠵᠢ ᠪᠠᠨ ᠴᠢᠩᠭᠠᠳᠬᠠᠵᠤ ᠂ ᠶᠢᠷᠲᠢᠨᠴᠦ ᠶᠢᠨ ᠦᠵᠡᠯᠲᠡ ᠂ ᠠᠮᠢᠳᠤᠷᠠᠬᠤᠢ ᠶᠢᠨ ᠦᠵᠡᠯᠲᠡ ᠂ ᠦᠷᠲᠡᠭ ᠤᠨ ᠦᠵᠡᠯᠲᠡ ᠭᠡᠬᠦ ᠡᠨᠡ ᠬᠦ ︽ᠶᠡᠷᠦᠩᠬᠡᠢ ᠨᠡᠭᠡᠭᠡᠯᠭᠡ︾ ᠶᠢ ᠰᠠᠶᠢᠲᠤᠷ ᠡᠵᠡᠮᠳᠡᠬᠦ ᠬᠡᠷᠡᠭᠲᠡᠢ ᠃ ᠬᠤᠶᠠᠷ ᠲᠤ ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠲᠤ ᠪᠠᠶᠢᠯᠭᠠᠵᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠢᠮᠠᠭᠲᠠ ᠤᠯᠤᠰ ᠲᠦᠷᠦ ᠶᠢᠨ ᠵᠣᠭᠰᠣᠯᠲᠠ ᠂ ᠤᠯᠤᠰ ᠲᠦᠷᠦ ᠶᠢᠨ ᠴᠢᠭᠯᠡᠯ ᠂ ᠤᠯᠤᠰ ᠲᠦᠷᠦ ᠶᠢᠨ ᠵᠠᠷᠴᠢᠮ ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠭᠦ ᠬᠡᠷᠡᠭᠲᠡᠢ ᠃ ᠭᠤᠷᠪᠠ ᠳᠤ ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠂ ᠨᠠᠮ ᠤᠨ ᠣᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ ᠂ ᠠᠷᠠᠳ ᠣᠯᠠᠨ ᠬᠠᠨᠤᠮᠵᠢᠲᠠᠶ ᠪᠠᠶᠢᠬᠤ ᠡᠰᠡᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠭᠦ ᠦᠨᠳᠦᠰᠦᠨ ᠪᠠᠷᠢᠮᠵᠢᠶ᠎ᠠ ᠪᠤᠯᠭᠠᠵᠤ ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠢ ᠬᠢᠵᠦ ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠠᠪᠤᠳᠠᠯ ᠢ ᠰᠠᠶᠢᠲᠤᠷ ᠬᠢᠵᠦ ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃      ᠯᠢ ᠭᠠᠨ ᠵᠢᠶᠧ ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ ᠂ ᠭᠤᠣᠯ ᠰᠡᠳᠦᠪᠲᠦ ᠬᠥᠮᠦᠵᠢᠯ ᠤᠨ ᠲᠥᠪ ᠤᠨ ᠳᠣᠯᠣᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号