ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦᠨ ᠤ ᠦᠨ᠎ᠡ ᠬᠠᠩᠰᠢ ᠶᠢ ᠵᠣᠬᠢᠴᠠᠭᠤᠯᠬᠤ ᠵᠦᠪᠯᠡᠯ ᠪᠠᠶᠢᠭᠤᠯᠤᠭᠳᠠᠭᠰᠠᠨ ᠵᠢᠴᠢ ᠠᠩᠬᠠᠳᠤᠭᠠᠷ ᠤᠳᠠᠭᠠᠨ ᠤ ᠪᠥᠬᠦ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/18
      4 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦᠨ ᠤ ᠦᠨ᠎ᠡ ᠬᠠᠩᠰᠢ ᠶᠢ ᠵᠣᠬᠢᠴᠠᠭᠤᠯᠬᠤ ᠵᠦᠪᠯᠡᠯ ᠪᠠᠶᠢᠭᠤᠯᠤᠭᠳᠠᠭᠰᠠᠨ ᠵᠢᠴᠢ ᠠᠩᠬᠠᠳᠤᠭᠠᠷ ᠤᠳᠠᠭᠠᠨ ᠤ ᠪᠥᠬᠦ ᠭᠡᠰᠢᠭᠦᠳ ᠤᠨ ᠬᠤᠷᠠᠯ ᠬᠥᠬᠡᠬᠤᠲᠠ ᠳᠤ ᠬᠤᠷᠠᠯᠳᠤᠪᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠰᠢᠤᠸᠠᠢ ᠹᠧᠩ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ ᠠᠩᠬᠠᠳᠤᠭᠠᠷ ᠬᠤᠭᠤᠴᠠᠭᠠᠨ ᠤ ᠵᠥᠪᠯᠡᠯ ᠤᠨ ᠡᠷᠬᠢᠯᠡᠭᠴᠢ ᠪᠣᠯᠣᠨ ᠳᠡᠳ᠋ ᠡᠷᠬᠢᠯᠡᠭᠴᠢ ᠶᠢ ᠰᠣᠩᠭᠤᠨ ᠭᠠᠷᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦᠨ ᠤ ᠦᠨ᠎ᠡ ᠬᠠᠩᠰᠢ ᠶᠢ ᠵᠣᠬᠢᠴᠠᠭᠤᠯᠬᠤ ᠵᠥᠪᠯᠡᠯ ᠤᠨ ᠠᠯᠪᠠᠨ ᠵᠠᠷ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦᠨ ᠤ ᠦᠨ᠎ᠡ ᠬᠠᠩᠰᠢ ᠶᠢ ᠵᠣᠬᠢᠴᠠᠭᠤᠯᠬᠤ ᠵᠥᠪᠯᠡᠯ ᠤᠨ ᠠᠵᠢᠯᠯᠠᠭᠠᠨ ᠤ ᠲᠣᠭᠲᠠᠴᠠ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃
1.jpg
       ᠭᠦᠸᠧ ᠵᠠᠨ ᠵᠢᠶᠠᠩ ᠬᠤᠷᠠᠯ ᠳᠤ ᠣᠷᠣᠯᠴᠠᠭᠰᠠᠨ ᠭᠡᠰᠢᠭᠦᠳ ᠤᠨ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠲᠡᠷᠡ ᠂ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠭ᠎ᠠ ᠴᠢᠬᠤᠯᠠ ᠡᠭᠦᠷᠭᠡ ᠮᠥᠨ ᠂ ᠲᠣᠮᠣ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠬᠦ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠮᠥᠨ ᠂ ᠮᠠᠨ ᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠲᠤᠯᠭᠠᠭᠤᠷᠢᠯᠠᠯ ᠮᠥᠨ ᠂ ᠪᠠᠰᠠᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠮᠥᠨ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠦᠨ ᠤ ᠦᠢᠯᠡᠰ ᠢ ᠡᠩ ᠲᠡᠷᠢᠭᠦᠨ ᠳᠤ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠲᠣᠭᠲᠠᠭᠠᠨ᠂ ᠠᠯᠢ ᠣᠯᠠᠨ ᠴᠢᠨᠠᠷ ᠰᠠᠶᠢᠲᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠦᠨᠡᠨ ᠠᠯᠲᠠ ᠮᠥᠩᠭᠦ︾ ᠵᠠᠷᠤᠴᠠᠭᠤᠯᠤᠨ ᠰᠦᠨ ᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠥᠬᠦ ᠤᠯᠤᠰ ᠤᠨ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠥᠪᠥᠷ ᠮᠣᠩᠭᠤᠯ ᠤᠨ ᠰᠦᠨ ᠤ ᠦᠢᠯᠡᠰ ᠢᠮᠠᠭᠲᠠ ᠲᠦᠷᠦᠭᠦᠯᠡᠵᠦ᠂ ᠥᠯᠢᠭᠡᠷ ᠵᠢᠱᠢᠶ᠎ᠡ ᠦᠵᠡᠭᠦᠯᠬᠦ ᠡᠩᠨᠡᠭᠡᠨ ᠳᠤ ᠪᠠᠶᠢᠷᠢᠯᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠭᠦᠸᠧ ᠵᠠᠨ ᠵᠢᠶᠠᠩ ᠴᠢᠬᠤᠯᠠᠴᠢᠯᠠᠭᠰᠠᠨ ᠨᠢ ᠂ ᠮᠠᠨ ᠤ ᠣᠷᠣᠨ ᠤ ᠰᠦᠨ ᠤ ᠦᠢᠯᠡᠰ ᠤᠨ ᠣᠯᠣᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ ᠂ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠪᠦᠯᠬᠦᠮᠳᠡᠨ ᠨᠢᠭᠡᠳᠴᠦ ᠂ ᠬᠠᠮᠲᠤᠪᠠᠷ ᠬᠠᠨᠳᠤᠵᠤ ᠂ ᠬᠠᠮᠲᠤᠪᠠᠷ ᠤᠷᠤᠭᠰᠢᠯᠠᠨ ᠲᠠᠪᠰᠢᠬᠤ ᠬᠡᠷᠡᠭᠲᠡᠢ ᠃ ᠰᠦᠨ ᠤ ᠠᠵᠤ ᠠᠬᠤᠶᠢᠯᠠᠯ ᠪᠣᠯᠣᠨ ᠲᠡᠵᠢᠭᠡᠨ ᠦᠷᠡᠵᠢᠭᠦᠯᠬᠦ ᠲᠠᠯᠠᠪᠠᠶ ᠨᠤᠭᠤᠳ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠠᠷᠢᠯᠭᠠᠵᠤ᠂ ᠴᠠᠭ ᠲᠤᠬᠠᠢ ᠳᠤ  ᠨᠢ ᠦᠷᠭᠦᠯᠵᠢᠯᠡᠨ ᠭᠡᠷ᠎ᠡ ᠲᠣᠭᠲᠠᠬᠤ᠂ ᠦᠬᠡᠷ ᠤᠨ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠣᠨ ᠭᠡᠰᠢᠭᠦᠳ ᠤᠨ ᠲᠥᠯᠥᠭᠡᠯᠡᠭᠴᠢᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠦᠨ᠎ᠡ ᠬᠠᠩᠰᠢ ᠶᠢ ᠵᠣᠬᠢᠴᠠᠭᠤᠯᠬᠤ ᠲᠣᠭᠲᠠᠴᠠ ᠶᠢᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠬᠢᠨᠠᠮᠠᠭᠠᠢ ᠭᠦᠢᠴᠡᠳᠬᠡᠵᠦ᠂ ᠦᠨ᠎ᠡ ᠬᠠᠩᠰᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠬᠡᠮᠵᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠠᠩᠬᠠᠳᠤᠭᠠᠷ ᠯᠠᠪᠯᠠᠯᠲᠠ ᠶᠢᠨ ᠠᠷᠠᠯᠵᠢᠶ᠎ᠠ ᠶᠢᠨ ᠦᠨ᠎ᠡ ᠬᠠᠩᠰᠢ ᠶᠢᠨ ᠲᠣᠭᠠᠴᠠᠭ᠎ᠠ ᠬᠢᠬᠦ ᠶᠢ ᠲᠦᠷᠭᠡᠬᠡᠨ ᠪᠡᠶᠡᠯᠡᠭᠦᠯᠵᠦ᠂ ᠴᠠᠭ ᠲᠤᠬᠠᠢ ᠳᠤ  ᠨᠢ ᠨᠡᠶᠢᠲᠡᠯᠡᠬᠦ ᠶᠢᠨ ᠬᠠᠮᠲᠤ ᠪᠥᠬᠦ ᠣᠷᠣᠨ ᠳᠤ ᠡᠬᠢᠯᠡᠨ ᠠᠵᠢᠯᠯᠠᠭᠤᠯᠵᠤ᠂ ᠲᠦᠭᠦᠬᠡᠢ ᠰᠢᠨ᠎ᠡ ᠰᠦ ᠬᠤᠳᠠᠯᠳᠤᠨ ᠠᠪᠬᠤ ᠪᠠ ᠪᠣᠷᠣᠯᠠᠭᠤᠯᠬᠤ ᠡᠮᠬᠢ ᠳᠢᠭᠯᠢᠮ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ ᠃
2.jpg
       ᠬᠤᠷᠠᠯ ᠨᠢ ᠲᠤᠬᠠᠢ ᠶᠢᠨ ᠲᠠᠯᠠᠪᠤᠷ ᠤᠨ ᠬᠤᠷᠠᠯ ᠪᠠ ᠸᠢᠳᠢᠤ᠋ ᠬᠤᠷᠠᠯ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠰᠦᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠴᠠᠭᠠᠨ ᠢᠳᠡᠭᠡᠨ ᠤ ᠠᠵᠤ ᠠᠬᠤᠶᠢᠯᠠᠯ ᠪᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦᠨ ᠤ ᠦᠨ᠎ᠡ ᠬᠠᠩᠰᠢ ᠶᠢ ᠵᠣᠬᠢᠴᠠᠭᠤᠯᠬᠤ ᠵᠦᠪᠯᠡᠯ ᠤᠨ 26 ᠲᠦᠯᠦᠭᠡᠯᠡᠭᠴᠢ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号