ᠪᠤᠭᠤᠲᠤ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/4/21
      ᠣᠳᠣᠬᠠᠨ ᠳᠤ ᠪᠣᠯ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ ᠪᠤᠭᠤᠲᠤ ᠬᠤᠲᠠ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ ᠂ ᠲᠠᠷᠢᠶᠠᠯᠠᠩ ᠤᠨ ᠮᠡᠷᠭᠡᠵᠢᠯᠲᠡᠳ ᠢ ᠢᠳᠡᠪᠬᠢᠲᠡᠢ ᠵᠣᠬᠢᠶᠠᠨ ᠪᠠᠶᠢᠭᠤᠯᠵᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠢᠯᠡᠴᠢᠯᠡᠭᠡ ᠪᠣᠯᠪᠠᠰᠤᠷᠠᠯ ᠤᠨ ᠠᠵᠢᠯ ᠥᠷᠨᠢᠭᠦᠯᠵᠦ ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ ᠂ ᠭᠠᠷᠤᠯᠲᠠ ᠪᠠᠨ ᠨᠡᠮᠡᠭᠳᠡᠭᠦᠯᠬᠦ ᠡᠯ᠎ᠡ ᠵᠦᠢᠯ ᠤᠨ ᠮᠡᠷᠭᠡᠵᠢᠯ ᠢ ᠤᠬᠠᠭᠤᠯᠵᠤ ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ ᠂ ᠲᠠᠷᠢᠮᠠᠯ ᠤᠨ ᠲᠦᠪᠰᠢᠨ ᠢ ᠳᠡᠭᠡᠭᠰᠢᠯᠡᠭᠦᠯᠵᠦ ᠂ ᠬᠠᠪᠤᠷ ᠤᠨ ᠬᠠᠮᠢᠶᠠᠷᠤᠯᠲᠠ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠪᠠ᠃ 4 ᠰᠠᠷ᠎ᠠ ᠶᠢᠨ 19 ᠤ ᠡᠳᠦᠷ ᠤᠨ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠪᠥᠬᠦ ᠬᠤᠲᠠ ᠶᠢᠨ ᠲᠠᠷᠢᠮᠠᠯ ᠤᠨ ᠵᠦᠢᠯ ᠤᠨ ᠳᠠᠷᠢᠭᠰᠠᠨ ᠲᠠᠯᠠᠪᠠᠶ ᠨᠢᠭᠡᠨᠲᠡ 3.855 ᠲᠦᠮᠡᠨ ᠮᠦ ᠪᠠᠶᠢᠵᠤ᠂ ᠡᠭᠦᠨ ᠳᠤ ᠪᠤᠭᠤᠳᠠᠢ 2.36 ᠲᠦᠮᠡᠨ ᠮᠦ᠂ ᠡᠷᠳᠡᠨᠢ ᠰᠢᠰᠢ 1.18 ᠲᠦᠮᠡᠨ ᠮᠦ᠂ ᠬᠤᠨᠴᠢᠷ 0.2 ᠲᠦᠮᠡᠨ ᠮᠦ᠂ ᠰᠢᠬᠢᠷ ᠯᠤᠤᠪᠠᠩ 0.11 ᠲᠦᠮᠡᠨ ᠮᠦ᠂ ᠰᠢᠯᠢᠮᠳᠡᠭ 0.005 ᠲᠦᠮᠡᠨ ᠮᠦ ᠪᠠᠶᠢᠨ᠎ᠠ᠃      ᠪᠥᠬᠦ ᠬᠤᠲᠠ ᠶᠢᠨ ᠴᠢᠬᠢᠭ ᠤᠨ ᠪᠠᠶᠢᠳᠠᠯ ᠳᠤ ᠲᠣᠬᠢᠷᠠᠬᠤ ᠬᠡᠮᠵᠢᠶ᠎ᠡ 194 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ︔ ᠴᠢᠭᠢᠭ ᠤᠨ ᠪᠠᠶᠢᠳᠠᠯ ᠠᠨᠠᠢ ᠭᠠᠵᠠᠷ 100 ᠲᠦᠮᠡᠨ ᠮᠦ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 60 ᠲᠦᠮᠡᠨ ᠮᠦ ᠨᠡᠮᠡᠭᠳᠡᠨ᠂ ᠭᠠᠩᠳᠠᠭᠰᠠᠨ ᠲᠠᠯᠠᠪᠠᠶ 137 ᠲᠦᠮᠡᠨ ᠮᠦ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 70 ᠲᠦᠮᠡᠨ ᠮᠦ ᠪᠠᠭᠠᠰᠪᠠ᠂ ᠬᠥᠷᠥᠰᠥᠨ ᠤ ᠴᠢᠭᠢᠭ ᠤᠨ ᠪᠠᠶᠢᠳᠠᠯ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠪᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠢᠯᠡᠳᠲᠡ ᠰᠠᠶᠢᠨ ᠪᠠᠶᠢᠵᠤ᠂ ᠣᠳᠣᠬᠠᠨ ᠳᠤ ᠪᠥᠬᠦ ᠬᠤᠲᠠ ᠶᠢᠨ ᠴᠢᠭᠢᠭ ᠤᠨ ᠪᠠᠶᠢᠳᠠᠯ ᠨᠡᠯᠢᠶᠡᠳ ᠲᠣᠬᠢᠷᠠᠮᠵᠢᠲᠠᠢ ᠪᠠᠶᠢᠨ᠎ᠠ᠃ ᠭᠡᠶ᠎ᠡ ᠶᠡᠭᠡ ᠰᠠᠯᠬᠢ᠂ ᠡᠯᠡᠰᠦᠨ ᠰᠢᠭᠤᠷᠭ᠎ᠠ ᠲᠠᠢ ᠠᠭᠤᠷ ᠠᠮᠢᠰᠬᠤᠯ ᠦᠷᠭᠦᠯᠵᠢᠯᠡᠬᠦ ᠶᠢᠨ ᠬᠠᠮᠲᠤ ᠠᠭᠠᠷ ᠤᠨ ᠳᠤᠯᠠᠭᠠᠨ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠬᠥᠷᠥᠰᠥ ᠰᠢᠷᠣᠢ ᠶᠢᠨ ᠴᠢᠭᠢᠭ ᠲᠦᠷᠭᠡᠨ ᠠᠯᠳᠠᠭᠳᠠᠵᠤ᠂ ᠵᠠᠯᠭᠠᠭᠠᠳ ᠬᠡᠷᠪᠡ ᠢᠯᠡᠷᠬᠡᠢ ᠪᠣᠷᠣᠭᠠᠨ ᠬᠤᠷ᠎ᠠ ᠣᠷᠣᠬᠤ ᠦᠭᠡᠢ ᠪᠣᠯ ᠪᠥᠬᠦ ᠬᠤᠲᠠ ᠶᠢᠨ ᠴᠢᠭᠢᠭ ᠤᠨ ᠪᠠᠶᠢᠳᠠᠯ ᠬᠦᠷᠦᠯᠴᠡᠬᠦ ᠦᠭᠡᠢ ᠪᠣᠯᠣᠨ᠎ᠠ᠃ ᠥᠷᠭᠡᠨ ᠤᠯᠠᠨ ᠲᠠᠷᠢᠶᠠᠴᠢᠳ 4 ᠰᠠᠷ᠎ᠠ ᠶᠢᠨ ᠬᠤᠷ᠎ᠠ ᠲᠤᠨᠤᠳᠠᠰᠤ ᠶᠢᠨ ᠶᠠᠪᠤᠴᠠ ᠶᠢ ᠴᠠᠭ ᠢᠮᠠᠭᠲᠠ ᠠᠩᠬᠠᠷᠴᠤ ᠂ ᠴᠢᠬᠢᠭ ᠢ ᠵᠠᠪᠳᠤᠬᠤ ᠂ ᠴᠢᠬᠢᠭ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ ᠂ ᠭᠠᠩᠳᠠᠭᠰᠠᠨ ᠠᠴᠠ ᠪᠣᠯᠵᠤ ᠲᠠᠷᠢᠭᠠᠳᠤᠢ ᠲᠠᠯᠠᠪᠠᠢ ᠶᠢ ᠪᠠᠭᠠᠰᠬᠠᠬᠤ ᠬᠡᠷᠡᠭᠲᠡᠢ ᠃ ᠲᠠᠷᠢᠬᠤ ᠳᠠᠭᠠᠨ ᠴᠢᠳᠠᠬᠤ ᠶᠢᠨ ᠬᠢᠷᠢ ᠪᠠᠷ ᠭᠦᠨ ᠲᠠᠷᠢᠵᠤ ᠂ ᠬᠦᠷᠦᠰᠦ ᠶᠢ ᠨᠢ ᠪᠦᠷᠬᠦᠵᠦ ᠂ ᠬᠠᠪᠤᠷ ᠤᠨ ᠤᠯᠠᠷᠢᠯ ᠤᠨ ᠶᠡᠭᠡ ᠰᠠᠯᠬᠢᠨ  ᠦᠷ᠎ᠡ ᠶᠢ ᠨᠢ ᠭᠡᠶᠢᠰᠭᠡᠬᠦ ᠠᠴᠠ ᠰᠡᠷᠭᠡᠶᠢᠯᠡᠬᠦ ᠴᠢᠬᠤᠯᠠᠳᠠᠢ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号