ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠨᠠᠢᠮᠠᠳᠤᠭᠠᠷ ᠬᠤᠭᠤᠴᠠᠭᠠᠨ ᠤ ᠪᠡᠭᠡᠵᠢᠩ ᠤᠨ ᠣᠯᠠᠨ ᠤᠯᠤᠰ ᠤᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠤ ᠣᠷᠣᠯᠴᠠᠵᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢᠶᠠᠨ ᠲᠠᠨᠢᠯᠴᠠᠭᠤᠯᠪᠠ
ᠨᠡᠶᠢᠲᠡᠯᠡᠭᠰᠡᠨ ᠴᠠᠭ᠄
2023/4/23
      4 ᠰᠠᠷ᠎ᠠ ᠶᠢᠨ 20 ︱ 22  ᠤᠨ ᠡᠳᠦᠷ ᠪᠣᠯᠲᠠᠯ᠎ᠠ ᠂ ᠨᠠᠢᠮᠠᠳᠤᠭᠠᠷ ᠬᠤᠭᠤᠴᠠᠭᠠᠨ ᠤ ᠪᠡᠭᠡᠵᠢᠩ ᠤᠨ ᠤᠯᠠᠨ ᠤᠯᠤᠰ ᠤᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠠᠷᠠᠯᠵᠢᠶᠠᠨ ᠤ ᠴᠤᠭᠯᠠᠭᠠᠨ ᠪᠡᠭᠡᠵᠢᠩ· ᠳᠤᠮᠳᠠᠳᠤ ᠤᠯᠤᠰ ᠤᠨ ᠤᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠪᠠ᠂ ᠲᠤᠰ ᠬᠤᠭᠤᠴᠠᠭᠠᠨ ᠤ ᠪᠡᠭᠡᠵᠢᠩ ᠤᠨ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠤ ᠳᠡᠯᠭᠡᠨ ᠦᠵᠡᠭᠦᠯᠭᠡ ᠶᠢᠨ ᠬᠡᠪᠴᠢᠶ᠎ᠡ  ᠨᠢ 40000 ᠲᠡᠭᠰᠢ ᠳᠥᠷᠪᠡᠯᠵᠢᠨ ᠮᠧᠲᠷ ᠲᠤ ᠬᠦᠷᠴᠦ ᠂ ᠥᠪᠥᠷ ᠮᠣᠩᠭᠤᠯ ᠂ ᠬᠠᠷᠪᠢᠨ ᠂ ᠢᠦ᠋ᠢᠯᠢᠨ᠂ ᠯᠢᠨ ᠢ ᠵᠡᠷᠭᠡ ᠡᠯ᠎ᠡ ᠮᠤᠵᠢ ᠬᠤᠳᠠ ᠶᠢᠨ 500 ᠭᠠᠷᠤᠢ ᠬᠤᠳᠠᠯᠳᠤᠭᠠᠴᠢᠨ ᠴᠤᠭᠯᠠᠭᠠᠨ ᠳᠤ ᠣᠷᠣᠯᠴᠠᠵᠠᠢ ᠃ 
图片1.jpg
       ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠥᠪᠥᠷ ᠮᠣᠩᠭᠤᠯ ᠤᠨ ᠶᠠᠩ ᠭᠤᠸᠠᠩ ᠲᠢᠶᠠᠨ ᠢᠦᠢ ᠦᠵᠦᠮ ᠤᠨ ᠠᠷᠢᠬᠢ ᠨᠡᠷᠡᠬᠦ ᠬᠢᠵᠠᠭᠠᠷᠲᠤ ᠺᠣᠮᠫᠠᠨᠢ᠂ ᠦᠬᠠᠢ ᠬᠤᠲᠠ ᠶᠢᠨ ᠸᠠᠩ ᠵᠢᠢ ᠦ᠋ ᠨᠢᠦ ᠢᠳᠡᠭᠡᠨ ᠤ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ ᠲᠤᠰ ᠤᠳᠠᠭᠠᠨ ᠤ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠳᠤ ᠣᠷᠣᠯᠴᠠᠭᠤᠯᠪᠠ  ᠃ ᠲᠤᠬᠠᠢ ᠶᠢᠨ ᠲᠠᠯᠠᠪᠠᠢ ᠳᠤ ᠂ ᠦᠬᠠᠢ ᠶᠢᠨ ᠦᠵᠦᠮ ᠤᠨ ᠠᠷᠢᠬᠢ ᠶᠢ ᠠᠮᠲᠠᠯᠠᠬᠤ ᠪᠠᠷ ᠢᠷᠡᠭᠰᠡᠨ ᠦᠵᠡᠭᠴᠢᠳ ᠲᠠᠰᠤᠷᠠᠯᠳᠡ ᠦᠭᠡᠢ ᠣᠯᠠᠰᠢᠷᠠᠵᠤ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠨᠠᠷᠢᠨ ᠲᠠᠨᠢᠯᠴᠠᠭᠤᠯᠭ᠎ᠠ ᠪᠠᠷ ᠂ ᠦᠵᠡᠭᠴᠢᠳ ᠦᠬᠠᠢ ᠬᠤᠳᠠ ᠶᠢᠨ ᠦᠵᠦᠮ ᠤᠨ ᠠᠷᠢᠬᠢ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠤ ᠂ ᠸᠠᠩ ᠵᠢᠢ ᠦ᠋ ᠨᠢᠦ ᠯᠠᠩᠭᠤᠸᠠ ᠶᠢᠨ ᠦᠷ᠎ᠡ ᠶᠢᠨ ᠥᠪᠡᠷᠮᠢᠴᠡ ᠶᠠᠰᠤ ᠴᠢᠨᠠᠷ ᠨᠢ ᠦᠵᠡᠭᠴᠢᠳ ᠤᠨ ᠪᠠᠭ᠋ᠠᠷᠬᠠᠯ ᠢ ᠶᠡᠬᠡᠳᠡ ᠲᠠᠲᠠᠪᠠ ᠃ 
图片2.jpg
        ᠲᠤᠰ‌ᠤᠳᠠᠭᠠᠨ ᠤ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠨᠢ ︽ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠂ ᠨᠡᠷᠡᠲᠦ ᠲᠡᠮᠳᠡᠭ ᠤᠨ ᠥᠷᠲᠡᠭ ᠢ ᠨᠡᠮᠡᠭᠳᠡᠭᠦᠯᠬᠦ ᠳᠤ ᠡᠨᠧᠷᠭᠢ ᠣᠯᠭᠤᠬᠤ︾ ᠭᠡᠬᠦ ᠪᠠᠷ ᠭᠤᠣᠯ ᠰᠡᠳᠦᠪ ᠪᠣᠯᠭᠠᠵᠤ᠂ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠤ ᠰᠣᠯᠢᠯᠴᠠᠭ᠎ᠠ᠂ ᠬᠠᠮᠲᠤᠷᠠᠯᠴᠠᠭ᠎ᠠ᠂ ᠳᠡᠯᠭᠡᠨ ᠪᠣᠷᠣᠯᠠᠭᠤᠯᠬᠤ ᠴᠢᠳᠠᠪᠬᠢ ᠶᠢ ᠭᠦᠢᠴᠡᠳ ᠪᠠᠳᠠᠷᠠᠭᠤᠯᠵᠤ᠂ ᠦᠬᠠᠢ ᠬᠤᠲᠠ ᠨᠠᠢᠮᠠᠳᠤᠭᠠᠷ ᠬᠤᠭᠤᠴᠠᠭᠠᠨ ᠤ ᠪᠡᠭᠡᠵᠢᠩ ᠤᠨ ᠣᠯᠠᠨ ᠤᠯᠤᠰ ᠤᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠤ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠠᠰᠢᠭᠯᠠᠨ᠂ ᠦᠬᠠᠢ ᠬᠤᠲᠠ ᠶᠢᠨ ᠣᠨᠴᠠᠯᠢᠭᠲᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠳᠤ ᠠᠵᠢᠯ ᠲᠥᠷᠥᠯ ᠤᠨ ᠰᠣᠯᠢᠯᠴᠠᠭ᠎ᠠ᠂ ᠠᠷᠠᠯᠵᠢᠶᠠᠨ ᠤ ᠬᠤᠳᠠᠯᠳᠤᠨ ᠠᠪᠬᠤ ᠲᠠᠪᠴᠠᠩ ᠬᠠᠩᠭᠠᠵᠤ᠂ ᠦᠬᠠᠢ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠭᠡᠵᠢᠩ ᠣᠷᠣᠨ ᠪᠠ ᠪᠥᠬᠦ ᠤᠯᠤᠰ ᠤᠨ ᠵᠠᠬ᠎ᠠ ᠳᠡᠯᠭᠡᠭᠦᠷ ᠲᠠᠬᠢ ᠦᠬᠠᠢ ᠬᠤᠲᠠ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号