ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠤᠯᠳᠠ ᠶᠢᠨ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2023/4/25
      ︵ᠨᠢᠭᠡ︶ ᠡᠭᠦᠯᠳᠡᠷ ᠰᠣᠩᠭᠤᠬᠤ ᠪᠠ ᠰᠢᠢᠳᠪᠦᠷᠢᠯᠡᠬᠦ ᠃ ᠪᠣᠯᠪᠠᠰᠤᠷᠠᠭᠰᠠᠨ ᠬᠤᠭᠤᠴᠠᠭᠠᠨ ᠳᠤ ᠲᠣᠬᠢᠷᠠᠮᠵᠢᠲᠠᠢ ᠴᠢᠨᠠᠷ ᠰᠠᠶᠢᠲᠠᠢ ᠥᠨᠳᠥᠷ ᠤᠨᠠᠯᠲᠠ ᠲᠠᠢ ᠡᠭᠦᠯᠳᠡᠷ ᠢ ᠰᠤᠩᠭᠤᠨ᠎ᠠ᠃ ᠳᠠᠪᠤᠰᠤ ᠲᠠᠢ ᠤᠰᠤ ᠪᠠᠷ ᠦᠷ᠎ᠡ ᠰᠣᠩᠭᠤᠵᠤ ᠂ ᠭᠦᠢᠴᠡᠳ ᠪᠤᠰᠤ ᠦᠷ᠎ᠡ ᠶᠢ ᠠᠷᠢᠯᠭᠠᠨ ᠂ ᠨᠠᠬᠢᠶᠠᠯᠠᠬᠤ ᠲᠤᠷᠰᠢᠯᠲᠠ ᠶᠢ ᠤᠷᠢᠳᠴᠢᠯᠠᠨ ᠰᠠᠶᠢᠲᠤᠷ ᠬᠢᠵᠦ ᠂ ᠦᠷ᠎ᠡ ᠶᠢᠨ ᠨᠠᠬᠢᠶᠠᠯᠠᠬᠤ ᠨᠤᠷᠮ᠎ᠠ ᠶᠢ ᠦᠨᠡᠨ ᠬᠦ ᠪᠠᠲᠤᠯᠠᠵᠦ ᠪᠣᠯᠤᠨ᠎ᠠ᠃ ᠦᠷ᠎ᠡ ᠶᠢᠨ ᠰᠢᠢᠳᠪᠦᠷᠢᠯᠡᠯᠲᠡ ᠶᠢ ᠴᠢᠩᠭᠠᠳᠬᠠᠵᠤ᠂ ᠦᠷ᠎ᠡ ᠶᠢ ᠳᠡᠪᠲᠦᠭᠡᠵᠦ ᠠᠷᠢᠭᠤᠳᠬᠠᠬᠤ ᠳᠠᠭᠠᠨ ᠲᠤᠶᠢᠯᠪᠤᠷᠢᠲᠠᠢ ᠪᠠᠶᠢᠬᠤ ᠬᠡᠷᠡᠭᠲᠡᠢ ᠂ ᠮᠢᠰᠢᠨ ᠠᠮᠢᠨ ᠂ ᠮᠢᠮᠠᠩᠭᠠᠨ · ᠫᠤᠯᠢᠺᠤᠯᠢᠨ ᠂ ᠼᠢᠶᠠᠨᠤ᠋ ᠪᠠᠺᠲ᠋ᠧᠷᠢ ᠶᠢᠨ ᠡᠰᠲ᠋ᠧᠷ ᠵᠡᠷᠭᠡ ᠡᠮ ᠢ ᠰᠣᠩᠭᠤᠵᠤ ᠂ ᠲᠣᠬᠢᠷᠠᠮᠵᠢᠲᠠᠢ ᠡᠮ ᠤᠨ ᠰᠢᠩᠭᠡᠨ ᠤ ᠥᠳᠬᠡᠴᠡ ᠶᠢ ᠪᠠᠲᠤᠯᠠᠵᠤ ᠂ ᠭᠦᠢᠴᠡᠳ ᠠᠷᠢᠭᠤᠳᠬᠠᠨ᠎ᠠ᠃      ︵ ᠬᠤᠶᠠᠷ ︶ ᠴᠢᠬᠢ ᠪᠣᠶᠢᠵᠢᠭᠤᠯᠵᠤ ᠦᠷ᠎ᠡ ᠲᠠᠷᠢᠬᠤ ᠃ ᠨᠢᠭᠡ ᠳᠤ ᠲᠠᠷᠢᠬᠤ ᠠᠴᠠ ᠪᠠᠨ ᠡᠮᠦᠨ᠎ᠡ ᠬᠦᠯᠡᠮᠵᠢ ᠪᠠᠨ ᠡᠷᠲᠡᠬᠡᠨ ᠳᠠᠷᠤᠵᠦ᠂ ᠭᠠᠵᠠᠷ ᠤᠨ ᠳᠤᠯᠠᠭᠠᠨ ᠢ ᠳᠡᠭᠡᠭᠰᠢᠯᠡᠭᠦᠯᠦᠨ᠎ᠡ ᠃ ᠭᠠᠵᠠᠷ ᠤᠨ ᠪᠠᠶᠢᠴᠠ ᠪᠠᠷ ᠨᠡᠯᠢᠶᠡᠳ ᠳᠣᠣᠷ᠎ᠠ ᠪᠠᠶᠢᠭ᠎ᠠ ᠴᠢᠬᠢ ᠪᠣᠶᠢᠵᠢᠭᠤᠯᠬᠤ ᠣᠷᠣᠨ ᠳᠤ ᠥᠨᠳᠥᠷ ᠣᠷᠣ ᠂ ᠬᠦᠯᠡᠮᠵᠢ ᠶᠢᠨ ᠡᠷᠬᠢᠨ ᠲᠣᠭᠤᠷᠢᠨ ᠳᠤ ᠨᠡᠪᠴᠢᠬᠦ ᠶᠢ ᠰᠡᠷᠭᠡᠶᠢᠯᠡᠬᠦ ᠂ ᠤᠰᠤᠲᠤᠯ ᠢ ᠵᠠᠯᠠᠬᠤ ᠪᠠᠷᠢᠯᠭ᠎ᠠ ᠶᠢ ᠰᠠᠶᠢᠲᠤᠷ ᠬᠢᠵᠦ ᠂ ᠲᠡᠷᠢᠬᠤ ᠠᠴᠠ ᠡᠮᠦᠨ᠎ᠡ ᠣᠷᠣ ᠶᠢᠨ ᠰᠢᠷᠣᠢ ᠶᠢ ᠰᠠᠶᠢᠲᠤᠷ ᠠᠷᠢᠭᠤᠳᠬᠠᠵᠤ ᠂ ᠰᠠᠭᠤᠷᠢ ᠤᠰᠤ ᠶᠢ ᠨᠢ ᠭᠦᠨ ᠨᠡᠪᠲᠡᠷᠡᠭᠦᠯᠦᠨ᠎ᠡ᠃ ᠬᠤᠶᠠᠷ ᠲᠤ ᠰᠣᠶᠣᠭᠠᠯᠠᠭᠤᠯᠬᠤ ᠶᠢ ᠲᠦᠷᠭᠡᠳᠬᠡᠭᠰᠡᠨ ᠤ ᠳᠠᠷᠠᠭ᠎ᠠ ᠨᠠᠷᠢᠯᠢᠭ ᠲᠠᠷᠢᠨ᠎ᠠ ᠃ ᠭᠠᠳᠠᠭᠠᠳᠤ ᠣᠷᠴᠢᠨ ᠤ ᠠᠭᠠᠷ ᠤᠨ ᠳᠤᠯᠠᠭᠠᠨ  ᠨᠢ 5~6℃ ᠲᠣᠭᠲᠠᠭᠤᠨ ᠦᠶ᠎ᠡ ᠳᠤ ᠳᠠᠷᠤᠢ ᠳᠠᠷᠢᠵᠤ ᠪᠣᠯᠣᠨ᠎ᠠ ᠃ ᠠᠳᠠᠯᠢ ᠪᠤᠰᠤ ᠶᠢᠨ ᠴᠢᠬᠢ ᠪᠣᠶᠢᠵᠢᠭᠤᠯᠬᠤ ᠠᠷᠭ᠎ᠠ ᠪᠠ ᠴᠢᠬᠢ ᠰᠠᠭᠤᠯᠭᠠᠬᠤ ᠠᠷᠭ᠎ᠠ ᠶᠢ ᠦᠨᠳᠦᠰᠦᠯᠡᠵᠦ ᠂ ᠠᠳᠠᠯᠢ ᠪᠤᠰᠤ ᠶᠢᠨ ᠲᠠᠷᠢᠬᠤ ᠬᠡᠮᠵᠢᠶ᠎ᠡ ᠶᠢ ᠲᠣᠭᠲᠠᠭᠠᠨ᠎ᠠ ᠃ ᠡᠩ ᠤᠨ ᠪᠠᠶᠢᠳᠠᠯ ᠳᠤ ᠬᠠᠭᠤᠷᠠᠢ ᠪᠠᠷ ᠴᠢᠬᠢ ᠪᠣᠶᠢᠵᠢᠭᠤᠯᠬᠤ ᠳᠤ ᠲᠡᠭᠰᠢ ᠳᠥᠷᠪᠡᠯᠵᠢᠨ ᠮᠧᠲᠷ ᠪᠦᠷᠢ ᠳᠤ 3 ᠯᠠᠩ ᠳᠠᠷᠢᠵᠤ ᠂ ᠪᠠᠭᠪᠤᠷ ᠪᠡᠶ᠎ᠡ ᠶᠢᠨ ᠴᠢᠬᠢ ᠪᠣᠶᠢᠵᠢᠭᠤᠯᠬᠤ ᠳᠤ ᠨᠦᠬᠡ ᠪᠦᠷᠢ ᠳᠤ 3~4 ᠮᠥᠬᠦᠯᠢᠭ ᠳᠠᠷᠢᠵᠤ ᠂ ᠮᠠᠰᠢᠨ ᠢᠶᠠᠷ ᠴᠢᠬᠢ ᠰᠠᠭᠤᠯᠭᠠᠬᠤ ᠳᠤ ᠲᠠᠪᠠᠭ ᠪᠦᠷᠢ ᠳᠤ 2~2.4 ᠯᠠᠩ ᠲᠠᠷᠢᠨ᠎ᠠ᠃ ᠴᠢᠬᠢ ᠶᠢᠨ ᠬᠡᠪᠲᠡᠰᠢ ᠶᠢ ᠳ᠋ᠢᠩ ᠫᠦ᠋ ᠨᠡᠶᠢᠯᠡᠮᠡᠯ ᠡᠮ ᠤᠨ ᠴᠢᠢᠳᠡᠮᠯᠢᠭ ᠲᠣᠰᠣ ᠪᠠᠷ ᠪᠢᠲᠡᠭᠦᠮᠵᠢᠯᠡᠵᠦ ᠂ ᠡᠪᠡᠰᠦ ᠠᠷᠢᠯᠭᠠᠭᠴᠢ ᠡᠮ ᠢ ᠡᠷᠬᠡᠪᠰᠢ ᠵᠢᠭᠳᠡ ᠰᠦᠷᠴᠢᠵᠦ ᠂ ᠳᠠᠷᠠᠭ᠎ᠠ ᠨᠢ ᠪᠦᠷᠬᠦᠪᠴᠢ ᠶᠢ ᠨᠢ ᠪᠦᠷᠬᠦᠭᠡᠵᠦ ᠪᠣᠯᠤᠨ᠎ᠠ᠃      ︵ᠭᠤᠷᠪᠠ︶ ᠳᠤᠯᠠᠭᠠᠨ ᠤ ᠬᠡᠮᠵᠢᠶ᠎ᠡ ᠶᠢᠨ ᠬᠠᠮᠢᠶᠠᠷᠤᠯᠲᠠ᠃ ᠴᠢᠬᠢᠯᠡᠭᠰᠡᠨ ᠤ ᠳᠠᠷᠠᠭ᠎ᠠ ᠬᠦᠯᠡᠮᠵᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠵᠤ ᠂ ᠴᠢᠬᠢ ᠶᠢᠨ ᠰᠢᠷᠤᠢ ᠶᠢᠨ ᠬᠠᠮᠢᠶᠠᠷᠤᠯᠲᠠ ᠬᠢᠬᠦ ᠳᠡᠭᠡᠨ ︽ ᠭᠤᠷᠪᠠᠨ ᠭᠷᠡᠳᠦ᠋ᠰ ︾ ᠢ ᠴᠢᠩᠭ᠎ᠠ ᠠᠳᠬᠤᠨ᠎ᠠ᠃ ᠳᠠᠷᠤᠢ ᠴᠢᠬᠢ ᠭᠠᠷᠬᠤ ᠠᠴᠠ ᠨᠢᠭᠡ ᠨᠠᠪᠴᠢ ᠨᠢᠭᠡ ᠭᠤᠤᠯ ᠲᠠᠢ ᠬᠤᠭᠤᠴᠠᠭᠠᠨ ᠳᠤ ᠬᠦᠯᠡᠮᠵᠢ ᠶᠢᠨ ᠳᠤᠯᠠᠭᠠᠨ ᠤ ᠬᠡᠮᠵᠢᠶ᠎ᠡ ᠶᠢ 30℃ ᠣᠷᠴᠢᠮ ᠢᠶᠠᠷ ᠬᠢᠵᠠᠭᠠᠷᠯᠠᠵᠤ ᠂ ᠨᠢᠭᠡ ᠨᠠᠪᠴᠢ ᠨᠢᠭᠡ ᠭᠤᠤᠯ ᠲᠠᠢ ᠬᠤᠭᠤᠴᠠᠭ᠎ᠠ ᠠᠴᠠ ᠬᠤᠶᠠᠷ ᠨᠠᠪᠴᠢ ᠨᠢᠭᠡ ᠭᠤᠤᠯ ᠲᠠᠢ ᠬᠤᠭᠤᠴᠠᠭᠠᠨ ᠳᠤ ᠳᠤᠯᠠᠭᠠᠨ ᠤ ᠬᠡᠮᠵᠢᠶ᠎ᠡ ᠶᠢ 20~25℃ ᠢᠶᠠᠷ ᠬᠢᠵᠠᠭᠠᠷᠯᠠᠵᠤ ᠂ ᠭᠤᠷᠪᠠᠨ ᠨᠠᠪᠴᠢ ᠨᠢᠭᠡ ᠭᠤᠤᠯ ᠲᠠᠢ ᠬᠤᠭᠤᠴᠠᠭᠠᠨ ᠤ ᠳᠠᠷᠠᠭ᠎ᠠ ᠳᠤᠯᠠᠭᠠᠨ ᠤ ᠬᠡᠮᠵᠢᠶ᠎ᠡ ᠶᠢ 25℃ ᠠᠴᠠ ᠬᠡᠲᠦᠷᠡᠭᠦᠯᠬᠦ ᠦᠭᠡᠢ ᠃ ᠬᠡᠷᠪᠡ ᠬᠦᠢᠲᠡᠨ ᠠᠭᠤᠷ ᠠᠮᠢᠰᠬᠤᠯ ᠲᠣᠬᠢᠶᠠᠯᠳᠤᠪᠠᠯ ᠂ ᠰᠥᠨᠢ ᠳᠡᠭᠡᠨ ᠪᠠᠰᠠ ᠨᠢᠭᠡ ᠳᠠᠪᠬᠤᠷᠭ᠎ᠠ ᠰᠦᠯᠢᠶᠥᠦ ᠪᠦᠷᠬᠦᠪᠴᠢ ᠨᠡᠮᠡᠵᠦ ᠂ ᠰᠥᠨᠢ ᠶᠢᠨ ᠳᠤᠯᠠᠭᠠᠨ ᠤ ᠬᠡᠮᠵᠢᠶ᠎ᠡ ᠬᠡᠳᠦ ᠳᠣᠣᠷ᠎ᠠ ᠪᠣᠯᠵᠤ ᠂ ᠴᠢᠬᠢ ᠶᠢᠨ ᠤᠷᠭᠤᠯᠲᠠ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ ᠃ ᠰᠥᠨᠢ ᠶᠢᠨ ᠬᠠᠮᠤᠭ ᠤᠨ ᠳᠣᠣᠷ᠎ᠠ ᠳᠤᠯᠠᠭᠠᠨ ᠤ ᠬᠡᠮᠵᠢᠶ᠎ᠡ ᠨᠢ -3℃ ᠠᠴᠠ ᠳᠣᠷᠣᠭᠰᠢ ᠪᠣᠯᠬᠤ ᠦᠶ᠎ᠡ ᠳᠤ ᠂ ᠳᠤᠯᠠᠭᠠᠨ ᠢ ᠨᠡᠮᠡᠭᠳᠡᠭᠦᠯᠬᠦ ᠠᠷᠭ᠎ᠠ ᠬᠡᠮᠵᠢᠶ᠎ᠡ ᠠᠪᠴᠤ ᠂ ᠬᠥᠯᠳᠡᠭᠦᠦ ᠴᠢᠬᠢ ᠶᠢᠨ ᠦᠵᠡᠭᠳᠡᠯ ᠢ ᠰᠡᠷᠭᠡᠶᠢᠯᠡᠬᠦ ᠬᠡᠷᠡᠭᠲᠡᠢ ᠃ ᠬᠡᠷᠪᠡ ᠥᠨᠳᠥᠷ ᠳᠤᠯᠠᠭᠠᠨ ᠬᠤᠷᠴᠠ ᠭᠡᠷᠡᠯ ᠲᠠᠢ ᠴᠠᠭ ᠠᠭᠤᠷ ᠲᠣᠬᠢᠶᠠᠯᠳᠤᠪᠠᠯ ᠰᠠᠯᠬᠢ ᠵᠢᠪᠠᠷ ᠨᠡᠪᠲᠡᠷᠡᠭᠦᠯᠦᠨ ᠴᠢᠬᠢ ᠪᠣᠯᠪᠠᠰᠤᠷᠠᠭᠤᠯᠬᠤ ᠶᠢ ᠨᠡᠩ ᠠᠩᠬᠠᠷᠬᠤ ᠬᠡᠷᠡᠭᠲᠡᠢ ᠃ ᠬᠤᠶᠠᠷ ᠨᠠᠪᠴᠢ ᠨᠢᠭᠡ ᠭᠤᠤᠯ ᠲᠠᠢ ᠬᠤᠭᠤᠴᠠᠭᠠᠨ ᠠᠴᠠ ᠴᠢᠬᠢ ᠰᠠᠭᠤᠯᠭᠠᠬᠤ ᠬᠦᠷᠲᠡᠯ᠎ᠡ᠂ ᠠᠭᠠᠷ ᠤᠨ ᠳᠤᠯᠠᠭᠠᠨ  ᠨᠢ 10℃ ᠠᠴᠠ ᠳᠣᠣᠷ᠎ᠠ ᠦᠭᠡᠢ ᠪᠣᠯ ᠳᠠᠷᠤᠢ ᠶᠡᠭᠡ ᠰᠠᠯᠬᠢ ᠨᠡᠪᠲᠡᠷᠡᠭᠦᠯᠵᠦ ᠪᠣᠯᠤᠨ᠎ᠠ᠂ ᠴᠢᠬᠢ ᠰᠠᠭᠤᠯᠭᠠᠬᠤ ᠠᠴᠠ ᠨᠢᠭᠡ ᠭᠠᠷᠠᠭ ᠤᠨ ᠡᠮᠦᠨ᠎ᠡ ᠪᠦᠷᠢᠮᠦᠰᠦᠨ ᠰᠠᠯᠬᠢ ᠨᠡᠪᠲᠡᠷᠡᠭᠦᠯᠦᠨ᠎ᠡ᠃      ︵ᠳᠥᠷᠪᠡ︶ ᠴᠢᠬᠢᠭ ᠤᠨ ᠬᠠᠮᠢᠶᠠᠷᠤᠯᠲᠠ ᠃ ᠴᠢᠬᠢᠭ ᠤᠨ ᠬᠠᠮᠢᠶᠠᠷᠤᠯᠲᠠ ᠶᠢᠨ ᠲᠠᠯ᠎ᠠ ᠪᠠᠷ ︽ᠭᠤᠷᠪᠠ ᠶᠢ ᠦᠵᠡᠬᠦ︾᠂ ︽ᠨᠢᠭᠡ ᠶᠢ ᠨᠡᠪᠲᠡᠷᠡᠭᠦᠯᠬᠦ︾ ᠶᠢ ᠪᠡᠶᠡᠯᠡᠭᠦᠯᠦᠨ᠎ᠡ᠃ ᠳᠠᠷᠤᠢ ᠰᠢᠷᠤᠢ  ᠨᠢ ᠴᠠᠶᠢᠷᠠᠭᠰᠠᠨ ᠡᠰᠡᠬᠦ ᠶᠢ ᠦᠵᠡᠨ᠎ᠡ ᠂ ᠬᠤᠶᠠᠷ ᠲᠤ ᠡᠷᠲᠡ ᠂ ᠣᠷᠣᠢ ᠨᠠᠪᠴᠢᠨ ᠤ ᠦᠵᠦᠭᠦᠷ ᠨᠢ ᠰᠢᠭᠦᠳᠡᠷᠢ ᠪᠠᠶᠢᠬᠤ ᠡᠰᠡᠬᠦ ᠶᠢ ᠦᠵᠡᠨ᠎ᠡ ᠂ ᠭᠤᠷᠪᠠ ᠳᠤ ᠦᠳᠡ ᠶᠢᠨ ᠥᠨᠳᠥᠷ ᠬᠠᠯᠠᠭᠤᠨ ᠳᠤ ᠭᠤᠤᠯ ᠨᠠᠪᠴᠢ ᠨᠢ ᠦᠬᠦᠰᠢᠷᠡᠭᠰᠡᠨ ᠪᠤᠶᠤ ᠠᠲᠤᠷᠢᠭᠰᠠᠨ ᠡᠰᠡᠬᠦ ᠶᠢ ᠦᠵᠡᠨ᠎ᠡ ᠂ ᠬᠡᠷᠪᠡ ᠰᠢᠷᠤᠢ  ᠨᠢ ᠴᠠᠶᠢᠷᠠᠵᠤ ᠂ ᠨᠠᠪᠴᠢᠨ ᠤ ᠦᠵᠦᠭᠦᠷ ᠨᠢ ᠰᠢᠭᠦᠳᠡᠷᠢ ᠦᠭᠡᠢ ᠂ ᠭᠤᠤᠯ ᠨᠠᠪᠴᠢ ᠨᠢ ᠦᠬᠦᠰᠢᠷᠡᠭᠰᠡᠨ ᠪᠤᠶᠤ ᠠᠲᠤᠷᠢᠭᠰᠠᠨ ᠪᠠᠶᠢᠪᠠᠯ ︽ ᠨᠢᠭᠡ ᠶᠢ ᠨᠡᠪᠲᠡᠷᠡᠲᠡᠯ᠎ᠡ︾ ᠬᠢᠨ᠎ᠡ᠂ ᠡᠨᠡ ᠨᠢ ᠳᠠᠷᠤᠢ ᠤᠰᠤ ᠶᠢ ᠨᠢᠭᠡ ᠯᠡ ᠤᠳᠠᠭ᠎ᠠ ᠳᠤ ᠨᠡᠪᠲᠡᠷᠡᠲᠡᠯ᠎ᠡ ᠣᠷᠤᠭᠤᠯᠤᠨ᠎ᠠ᠃      ︵ᠲᠠᠪᠤ︶ ᠴᠠᠭ ᠲᠤᠨᠢ ᠲᠣᠬᠢᠷᠠᠭᠤᠯᠤᠨ ᠭᠠᠵᠠᠷ ᠲᠡᠭᠰᠢᠯᠡᠬᠦ ᠃ ᠴᠠᠭ ᠲᠤᠬᠠᠢ ᠳᠤᠨᠢ ᠭᠠᠵᠠᠷ ᠤᠷᠪᠠᠭᠤᠯᠵᠤ᠂ ᠤᠰᠤᠨ ᠤ ᠡᠬᠢ ᠰᠤᠷᠪᠤᠯᠵᠢ ᠬᠦᠷᠦᠯᠴᠡᠬᠦ ᠦᠭᠡᠢ ᠲᠤᠲᠤᠷᠭ᠎ᠠ ᠶᠢᠨ ᠲᠠᠷᠢᠶᠠᠨ ᠳᠤ ᠡᠷᠭᠢᠯᠳᠦᠭᠦᠯᠦᠨ ᠬᠠᠭᠠᠯᠪᠤᠷᠢᠯᠠᠬᠤ ᠠᠷᠭ᠎ᠠ ᠶᠢ ᠬᠡᠷᠡᠭᠯᠡᠵᠦ᠂ ᠡᠷᠭᠢᠯᠳᠦᠭᠦᠯᠦᠨ ᠬᠠᠭᠠᠯᠪᠤᠷᠢᠯᠠᠬᠤ ᠭᠦᠨᠴᠡ ᠶᠢ 10-12cm  ᠬᠦᠷᠭᠡᠵᠦ ᠪᠣᠯᠤᠨ᠎ᠠ ᠃ ᠭᠠᠵᠠᠷ ᠲᠠᠷᠢᠶ᠎ᠠ ᠶᠢ ᠨᠠᠷᠬᠠᠳᠠᠬᠤ ᠠᠴᠠ ᠡᠮᠦᠨ᠎ᠡ 7-10 ᠡᠳᠦᠷ ᠲᠤ ᠤᠰᠤ ᠲᠠᠯᠪᠢᠨ ᠲᠠᠷᠢᠶ᠎ᠠ ᠳᠡᠪᠲᠦᠭᠡᠵᠦ ᠂ ᠴᠢᠬᠢ ᠰᠠᠭᠤᠯᠭᠠᠬᠤ ᠠᠴᠠ ᠡᠮᠦᠨ᠎ᠡ 5-7 ᠡᠳᠦᠷ ᠠᠴᠠ ᠡᠬᠢᠯᠡᠵᠦ ᠨᠠᠷᠬᠠᠳᠠᠨ᠎ᠠ ᠃ ᠭᠠᠵᠠᠷ ᠲᠠᠷᠢᠶ᠎ᠠ ᠶᠢ ᠨᠠᠷᠬᠠᠳᠠᠬᠤ ᠳᠠᠭᠠᠨ ᠴᠢᠨᠠᠷ ᠢ ᠪᠠᠲᠤᠯᠠᠵᠤ ᠂ ᠳᠡᠭᠡᠷ᠎ᠡ ᠠᠴᠠ ᠨᠢ ᠨᠠᠷᠢᠨ ᠳᠣᠣᠷ᠎ᠠ ᠠᠴᠠ ᠨᠢ ᠪᠦᠳᠦᠭᠦᠯᠢᠭ ᠪᠣᠯᠭᠠᠨ᠎ᠠ᠃ ᠭᠠᠵᠠᠷ ᠲᠠᠷᠢᠶ᠎ᠠ ᠶᠢ ᠨᠠᠷᠠᠭᠳᠠᠭᠰᠠᠨ ᠤ ᠳᠠᠷᠠᠭ᠎ᠠ ᠪᠥᠲ᠋ᠢᠯ ᠡᠪᠡᠰᠦᠨ ᠠᠮᠢᠨ ᠢᠶᠠᠷ ᠪᠢᠲᠡᠭᠦᠮᠵᠢᠯᠡᠵᠦ ᠡᠪᠡᠰᠦ ᠶᠢ ᠨᠢ ᠠᠷᠢᠯᠭᠠᠨ ᠂ ᠡᠮ ᠣᠷᠣᠭᠤᠯᠤᠭᠰᠠᠨ ᠤ ᠳᠠᠷᠠᠭ᠎ᠠ ᠤᠰᠤᠨ ᠤ ᠳᠠᠪᠬᠤᠷᠭ᠎ᠠ ᠶᠢ 4-5cm ᠨᠢᠭᠡ ᠭᠠᠷᠠᠭ ᠪᠠᠶᠢᠯᠭᠠᠵᠤ ᠪᠣᠯᠤᠨ᠎ᠠ᠃      ︵ ᠵᠢᠷᠭᠤᠭ᠎ᠠ ︶ ᠲᠣᠬᠢᠷᠠᠮᠵᠢᠲᠠᠢ ᠬᠤᠭᠤᠴᠠᠭᠠᠨ ᠳᠤ ᠴᠢᠬᠢ ᠰᠠᠭᠤᠯᠭᠠᠬᠤ ᠃ ᠴᠢᠬᠢ ᠰᠠᠭᠤᠯᠭᠠᠬᠤ ᠬᠠᠮᠤᠭ ᠤᠨ ᠲᠣᠬᠢᠷᠠᠮᠵᠢᠲᠠᠢ ᠡᠳᠦᠷ ᠬᠤᠭᠤᠴᠠᠭ᠎ᠠ ᠪᠣᠯ 5 ᠰᠠᠷ᠎ᠠ ᠶᠢᠨ ᠳᠤᠮᠳᠠᠴᠢ ᠪᠠᠷ ᠪᠣᠯᠣᠨ᠎ᠠ ᠂ ᠴᠢᠬᠢ ᠰᠠᠭᠤᠯᠭᠠᠬᠤ ᠨᠢᠭᠲᠠᠴᠠ ᠶᠢ ᠭᠠᠵᠠᠷ ᠵᠦᠢ ᠶᠢᠨ ᠨᠥᠬᠦᠴᠡᠯ ᠂ ᠬᠥᠷᠥᠰᠥ ᠰᠢᠷᠣᠢ ᠶᠢᠨ ᠥᠩ ᠰᠢᠮ᠎ᠡ ᠂ ᠴᠢᠬᠢ ᠪᠣᠶᠢᠵᠢᠭᠤᠯᠬᠤ ᠬᠡᠯᠪᠡᠷᠢ ᠂ ᠴᠢᠬᠢ ᠰᠠᠭᠤᠯᠭᠠᠬᠤ ᠠᠷᠭ᠎ᠠ ᠮᠠᠶ᠋ᠢᠭ ᠪᠠ ᠴᠢᠬᠢ ᠶᠢᠨ ᠴᠢᠨᠠᠷ ᠴᠢᠨᠰᠠᠭ᠎ᠠ ᠵᠡᠷᠭᠡ ᠶᠢ ᠦᠨᠳᠦᠰᠦᠯᠡᠨ ᠶᠡᠷᠦᠩᠬᠡᠶᠢᠯᠡᠨ ᠪᠣᠳᠣᠯᠬᠢᠯᠠᠵᠤ ᠂ ᠶᠡᠷᠦ ᠳᠡᠭᠡᠨ ᠠᠳᠠᠯᠢ ᠮᠥᠷ ᠤᠨ ᠵᠠᠢ ᠪᠠᠷ ᠰᠢᠯᠵᠢᠭᠦᠯᠦᠨ ᠵᠠᠶᠢᠯᠠᠬᠤ ᠠᠷᠭ᠎ᠠ ᠶᠢ ᠬᠡᠷᠡᠭᠯᠡᠨ᠎ᠡ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号