ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠤᠬᠠᠢ ᠶᠢᠨ ᠭᠠᠵᠠᠷ ᠲᠤ ᠨᠢ ᠬᠢᠨᠠᠨ ᠰᠢᠯᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/26
ᠬᠥᠬᠡᠬᠤᠲᠠ᠂ ᠪᠤᠭᠤᠲᠤ ᠬᠤᠳᠠ᠂ ᠣᠷᠳᠣᠰ ᠬᠤᠳᠠ᠂ ᠪᠠᠶᠠᠨᠨᠠᠭᠤᠷ ᠬᠤᠳᠠ᠂ ᠬᠢᠩᠭᠠᠨ ᠠᠶᠢᠮᠠᠭ᠂ ᠲᠦᠩᠯᠢᠶᠣᠣ ᠬᠤᠳᠠ᠂ ᠤᠯᠠᠭᠠᠨᠬᠠᠳᠠ ᠬᠤᠳᠠ᠂ ᠦᠬᠠᠢ ᠬᠤᠳᠠ᠂ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠰᠦ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠤᠨ ᠲᠥᠰᠥᠯ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠲᠠᠷᠬᠠᠭᠠᠭᠰᠠᠨ ﹇2022﹈ 466 ᠳ᠋ᠤᠭᠠᠷ ᠨᠣᠮᠧᠷ︶ ᠤᠨ ᠲᠣᠬᠢᠷᠠᠭᠤᠯᠤᠯᠲᠠ ᠶᠣᠰᠣᠭᠠᠷ᠂ 4 ᠰᠠᠷ᠎ᠠ ᠶᠢᠨ ᠰᠡᠭᠦᠯᠴᠢ — 5 ᠰᠠᠷ᠎ᠠ ᠶᠢᠨ ᠬᠤᠭᠤᠴᠠᠭᠠᠨ ᠳᠤ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠰᠦ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠳᠤ ᠲᠤᠬᠠᠢ ᠶᠢᠨ ᠭᠠᠵᠠᠷ ᠲᠤ  ᠨᠢ ᠬᠢᠨᠠᠨ ᠰᠢᠯᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠃ ᠡᠳᠦᠭᠡ ᠪᠣᠳᠠᠲᠠᠢ ᠤᠴᠢᠷ ᠢ ᠳᠣᠣᠷᠠᠬᠢ ᠮᠡᠲᠦ ᠮᠡᠳᠡᠭᠳᠡᠶ᠎ᠡ ᠃      ᠨᠢᠭᠡ᠂ ᠬᠢᠨᠠᠨ ᠰᠢᠯᠭᠠᠬᠤ ᠡᠲᠡᠭᠡᠳ      ᠤᠯᠤᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠭᠰᠠᠨ 16 ᠨᠢᠭᠡᠴᠢ᠂ ᠪᠣᠳᠠᠲᠠᠢ ᠨᠡᠷᠡᠰ ᠢ ᠳᠠᠭᠠᠯᠳᠤᠭᠤᠯᠤᠯ 1 ᠳᠤ ᠦᠵᠡ᠃      ᠬᠤᠶᠠᠷ᠂ ᠬᠢᠨᠠᠨ ᠰᠢᠯᠭᠠᠬᠤ ᠠᠭᠤᠯᠭ᠎ᠠ      ᠭᠤᠣᠯᠳᠠᠭᠤ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠨ ᠤ ᠰᠢᠰᠲ᠋ᠧᠮᠵᠢ ᠶᠢᠨ ᠪᠠᠶᠢᠭᠤᠯᠤᠯᠲᠠ᠂ ᠰᠠᠭᠤᠷᠢᠨ ᠭᠠᠵᠠᠷ ᠤᠨ ᠪᠠᠷᠢᠮᠵᠢᠶ᠎ᠠ ᠶᠣᠰᠣᠭᠠᠷ ᠦᠢᠯᠡᠳᠪᠦᠷᠢᠯᠡᠬᠦ ᠴᠢᠳᠠᠪᠤᠷᠢ᠂ ᠶᠠᠰᠤ ᠴᠢᠨᠠᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ᠂ ᠪᠣᠬᠢᠷᠲᠤᠯ ᠦᠭᠡᠢ ᠴᠢᠨᠠᠷ ᠰᠠᠶᠢᠲᠠᠢ ᠦᠢᠯᠡᠳᠬᠦᠨ ᠢ ᠦᠢᠯᠡᠳᠬᠦ᠂ ᠨᠥᠯᠥᠭᠡᠯᠡᠨ ᠳᠠᠶᠢᠴᠢᠯᠠᠬᠤ ᠦᠢᠯᠡᠳᠦᠯ ᠪᠠ ᠶᠡᠷᠦᠩᠬᠡᠶᠢᠯᠡᠭᠰᠡᠨ ᠦᠷ᠎ᠡ ᠠᠰᠢᠭ ᠵᠡᠷᠭᠡ ᠲᠠᠯ᠎ᠠ ᠪᠠᠷ ᠬᠢᠨᠠᠨ ᠰᠢᠯᠭᠠᠵᠤ᠂ ᠪᠣᠳᠠᠲᠠᠢ ᠬᠤᠪᠢ ᠥᠭᠬᠦ ᠨᠠᠷᠢᠨ ᠳᠦᠷᠢᠮ ᠢ ᠳᠠᠭᠠᠯᠳᠤᠭᠤᠯᠤᠯ 2 ᠳᠤ ᠦᠵᠡ᠃      ᠭᠤᠷᠪᠠ᠂ ᠬᠢᠨᠠᠨ ᠰᠢᠯᠭᠠᠬᠤ ᠲᠤᠰᠬᠠᠢ ᠮᠡᠷᠭᠡᠵᠢᠯᠲᠡᠨ ᠤ ᠨᠡᠷᠡᠰ ᠵᠢᠴᠢ ᠳᠤᠭᠤᠶᠢᠯᠠᠩ ᠬᠤᠪᠢᠶᠠᠬᠤ      ᠬᠢᠨᠠᠨ ᠰᠢᠯᠭᠠᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠣᠬᠢᠶᠠᠯᠳᠤᠯ ᠢᠶᠠᠷ ᠰᠣᠩᠭᠤᠨ ᠠᠪᠤᠭᠰᠠᠨ 2 ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ 1 ᠠᠵᠢᠯᠲᠠᠨ ᠪᠠ ᠡᠯ᠎ᠡ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ 1 ᠠᠵᠢᠯᠲᠠᠨ ᠢᠶᠠᠷ ᠪᠦᠷᠢᠯᠳᠦᠵᠦ᠂ ᠪᠣᠳᠠᠲᠠᠢ ᠨᠡᠷᠡᠰ ᠵᠢᠴᠢ ᠳᠤᠭᠤᠶᠢᠯᠠᠩ ᠬᠤᠪᠢᠶᠠᠭᠰᠠᠨ ᠪᠠᠶᠢᠳᠠᠯ ᠢ ᠳᠠᠭᠠᠯᠳᠤᠭᠤᠯᠤᠯ 3 ᠳᠤ ᠦᠵᠡ᠃      ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠬᠢᠨᠠᠨ ᠰᠢᠯᠭᠠᠬᠤ ᠠᠵᠢᠯᠲᠠᠨ ᠨᠢ ᠬᠤᠪᠢ ᠥᠭᠬᠦ ᠬᠦᠰᠦᠨᠦᠭᠲᠦ ᠶᠢᠨ ᠠᠭᠤᠯᠭ᠎ᠠ ᠶᠢ ᠴᠢᠩᠭ᠎ᠠ ᠵᠢᠷᠤᠮᠯᠠᠨ᠂ ᠪᠤᠰᠤᠳᠴᠢ ᠪᠥᠭᠡᠳ ᠲᠥᠪ ᠭᠤᠣᠯᠴᠢ ᠪᠠᠶᠢᠬᠤ ᠵᠠᠷᠴᠢᠮ ᠶᠣᠰᠣᠭᠠᠷ᠂ ᠡᠭᠦᠳᠦᠨ ᠪᠠᠶᠢᠭᠤᠯᠬᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠲᠠᠢ ᠬᠠᠷᠢᠴᠠᠭᠤᠯᠤᠨ ᠬᠤᠪᠢ ᠥᠭᠬᠦ ᠬᠡᠷᠡᠭᠲᠡᠢ᠃      ︵ᠬᠤᠶᠠᠷ︶ ᠡᠯ᠎ᠡ ᠰᠢᠯᠭᠠᠨ ᠬᠢᠨᠠᠬᠤ ᠳᠤᠭᠤᠶᠢᠯᠠᠩ ᠨᠢ ᠲᠤᠬᠠᠢ ᠶᠢᠨ ᠭᠠᠵᠠᠷ ᠲᠤ  ᠨᠢ ᠬᠢᠨᠠᠨ ᠰᠢᠯᠭᠠᠬᠤ ᠴᠠᠭ ᠢ ᠦᠪᠡᠷᠲᠡᠭᠡᠨ ᠲᠣᠬᠢᠷᠠᠭᠤᠯᠵᠤ᠂ ᠬᠠᠮᠤᠭ ᠣᠷᠣᠢ ᠳᠤ ᠪᠠᠨ 5 ᠰᠠᠷ᠎ᠠ ᠶᠢᠨ 12 ᠤᠨ ᠡᠳᠦᠷ ᠠᠴᠠ ᠡᠮᠦᠨ᠎ᠡ ᠲᠤᠬᠠᠢ ᠶᠢᠨ ᠭᠠᠵᠠᠷ ᠲᠤ  ᠨᠢ ᠬᠢᠨᠠᠨ ᠰᠢᠯᠭᠠᠬᠤ ᠶᠢ ᠳᠠᠭᠤᠰᠬᠠᠬᠤ ᠶᠢᠨ ᠬᠠᠮᠲᠤ ᠬᠢᠨᠠᠨ ᠰᠢᠯᠭᠠᠭᠰᠠᠨ ᠤ ᠳᠠᠷᠠᠭ᠎ᠠ 10 ᠡᠳᠦᠷ ᠤᠨ ᠳᠣᠲᠣᠷ᠎ᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠬᠤᠪᠢ ᠥᠭᠬᠦ ᠬᠦᠰᠦᠨᠦᠭᠲᠦ ᠪᠣᠯᠣᠨ ᠡᠯ᠎ᠡ ᠵᠦᠢᠯ ᠤᠨ ᠬᠤᠪᠢ ᠲᠣᠭᠲᠠᠭᠠᠵᠤ ᠲᠣᠳᠣᠷᠬᠠᠶᠢᠯᠠᠭᠰᠠᠨ ᠪᠠᠶᠢᠳᠠᠯ ᠤᠨ  ᠪᠢᠴᠢᠭ ᠤᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠰᠦ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠢᠨᠠᠨ ᠰᠢᠯᠭᠠᠬᠤ ᠳᠤ ᠬᠤᠪᠢ ᠣᠯᠭᠤᠬᠤ ᠶᠢ ᠬᠠᠮᠢᠶ᠎ᠠ ᠪᠦᠬᠦᠢ ᠠᠶᠢᠮᠠᠭ ᠬᠤᠲᠠ   ᠠᠴᠠ ᠦᠪᠡᠷᠲᠡᠭᠡᠨ ᠵᠣᠬᠢᠶᠠᠨ ᠪᠠᠶᠢᠭᠤᠯᠵᠤ᠂ ᠵᠡᠷᠭᠡᠪᠡᠷ ᠥᠷᠨᠢᠭᠦᠯᠵᠦ᠂ 5 ᠰᠠᠷ᠎ᠠ ᠶᠢᠨ 10 ᠤ ᠡᠳᠦᠷ ᠠᠴᠠ ᠡᠮᠦᠨ᠎ᠡ ᠬᠢᠨᠠᠨ ᠰᠢᠯᠭᠠᠭᠰᠠᠨ ᠦᠷ᠎ᠡ ᠳ᠋ᠦᠩ ᠢᠶᠠᠨ ᠬᠠᠷᠢᠭᠤ ᠲᠤᠰᠬᠠᠨ᠎ᠠ᠃ ᠡᠭᠦᠨ ᠤ ᠬᠠᠮᠲᠤ ᠠᠶᠢᠮᠠᠭ ᠬᠤᠲᠠ ᠶᠢᠨ ᠱᠠᠲᠤ᠂ ᠬᠤᠰᠢᠭᠤ ᠰᠢᠶᠠᠨ ᠤ ᠱᠠᠲᠤᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠨᠡᠷᠡᠰ ᠢᠶᠠᠨ ᠬᠠᠮᠳᠤ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃      ︵ᠳᠥᠷᠪᠡ︶ ᠬᠢᠨᠠᠨ ᠰᠢᠯᠭᠠᠬᠤ ᠳᠤᠭᠤᠶᠢᠯᠠᠩ ᠨᠢ ︽ᠨᠠᠢᠮᠠᠨ ᠵᠦᠢᠯ ᠤᠨ ᠲᠣᠭᠲᠠᠭᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠢᠨᠠᠨ ᠰᠢᠯᠭᠠᠬᠤ ᠠᠶᠢᠮᠠᠭ ᠬᠤᠲᠠ᠂ ᠬᠤᠰᠢᠭᠤ ᠰᠢᠶᠠᠨ ᠵᠢᠴᠢ ᠬᠠᠮᠢᠶ᠎ᠠ ᠪᠦᠬᠦᠢ ᠰᠠᠭᠤᠷᠢᠨ ᠭᠠᠵᠠᠷ ᠤᠨ ᠠᠵᠤ ᠠᠬᠤᠶᠢᠯᠠᠯ ᠤᠨ ᠳᠠᠶᠢᠯᠠᠯᠭ᠎ᠠ ᠶᠢ ᠭᠥᠯᠢᠶᠡᠨ ᠠᠪᠴᠤ ᠪᠣᠯᠬᠤ ᠦᠭᠡᠢ᠂ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠭᠰᠠᠨ ᠲᠤᠬᠠᠢ ᠶᠢᠨ ᠭᠠᠵᠠᠷ ᠲᠤ  ᠨᠢ ᠬᠢᠨᠠᠨ ᠰᠢᠯᠭᠠᠬᠤ ᠳᠤ ᠪᠣᠶ ᠪᠣᠯᠤᠭᠰᠠᠨ ᠢᠳᠡᠵᠦ ᠤᠤᠭᠤᠬᠤ ᠬᠤᠨᠣᠵᠤ ᠬᠡᠪᠲᠡᠬᠦ᠂ ᠠᠯᠪᠠᠨ ᠠᠵᠢᠯ ᠢᠶᠠᠷ ᠭᠠᠳᠠᠭᠰᠢ ᠭᠠᠷᠬᠤ ᠪᠠ ᠲᠤᠰᠬᠠᠢ ᠮᠡᠷᠭᠡᠵᠢᠯᠲᠡᠨ ᠤ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠨᠢᠭᠡᠳᠦᠯᠲᠡᠢ ᠡᠭᠦᠷᠭᠡᠯᠡᠨ᠎ᠡ᠃      ᠬᠠᠷᠢᠯᠴᠠᠬᠤ ᠬᠥᠮᠥᠨ᠄ ᠬᠤᠸ ᡁᠢ ᠴᠢᠶᠠᠩ   ᠤᠲᠠᠰᠤ᠄ 0471 — 6652121       ᠳᠠᠭᠠᠯᠳᠤᠭᠤᠯᠤᠯ᠄ 1.ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠣᠩᠭᠤᠭᠤᠯᠢ ᠳᠤ ᠪᠡᠯᠡᠳᠬᠡᠯ ᠨᠡᠷᠡᠰ .doc      2.ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠢᠨᠠᠨ ᠰᠢᠯᠭᠠᠯᠲᠠ ᠶᠢᠨ ᠬᠤᠪᠢ ᠥᠭᠬᠦ ᠬᠦᠰᠦᠨᠦᠭᠲᠦ .doc      3.ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠨᠡᠷᠡᠰ ᠵᠢᠴᠢ ᠳᠤᠭᠤᠶᠢᠯᠠᠩ ᠬᠤᠪᠢᠶᠠᠭᠰᠠᠨ ᠪᠠᠶᠢᠳᠠᠯ.doc                          ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                               2023 ᠣᠨ ᠤ 4 ᠰᠠᠷ᠎ᠠ ᠶᠢᠨ 24 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号