ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᠶᠤᠸᠠᠢ ᠶᠢᠩ ᠺᠠᠶᠢᠯᠤ ᠰᠢᠶᠠᠨ ᠳᠤ ᠬᠦᠷᠴᠦ ᠪᠥᠬᠦ ᠰᠢᠶᠠᠨ ᠢᠶᠠᠷ ᠢᠶᠠᠨ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠲᠤᠷᠰᠢᠯᠲᠠ ᠶᠢᠨ ᠴᠡᠭ ᠤᠨ ᠠᠵᠢᠯ ᠢ ᠲᠦᠯᠬᠢᠨ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/4/3
      3 ᠰᠠᠷ᠎ᠠ ᠶᠢᠨ 31 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᠶᠤᠸᠠᠢ ᠢᠩ ᠳᠥᠷᠪᠡᠭᠦᠯᠡ ᠺᠠᠶᠢᠯᠤ ᠰᠢᠶᠠᠨ ᠳᠤ ᠬᠦᠷᠴᠦ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠪᠥᠬᠦ ᠰᠢᠶᠠᠨ ᠢᠶᠠᠷ ᠢᠶᠠᠨ ᠲᠦᠯᠬᠢᠨ ᠠᠬᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠪᠠᠶᠢᠴᠠᠭᠠᠨ ᠰᠤᠳᠤᠯᠪᠠ᠃
1.jpg
       ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠵᠢᠷᠭᠠᠯᠠᠩ ᠪᠠᠯᠭᠠᠰᠤᠨ ᠤ ᠪᠤᠤᠹᠠ ᠲᠣᠰᠬᠤᠨ ᠂ ᠶᠦᠩ ᠠᠨ ᠲᠣᠰᠬᠤᠨ ᠂ ᠺᠠᠶᠢᠯᠤ ᠪᠠᠯᠭᠠᠰᠤᠨ ᠤ ᠦ᠋ ᠵᠢᠶᠠ ᠽᠢ ᠲᠣᠰᠬᠤᠨ ᠂ ᠶᠠᠩ ᠰᠢᠸ ᠹᠧᠩ ᠲᠣᠰᠬᠤᠨ ᠂ ᠳ᠋ᠠ ᠢᠦᠢ ᠱᠦ ᠪᠠᠯᠭᠠᠰᠤᠨ ᠤ ᠶᠢᠨ ᠰᠢᠩ ᠲᠣᠰᠬᠤᠨ ᠂ ᠰᠢᠶᠣᠣ ᠵᠢᠶᠧ ᠵᠢᠢ ᠪᠠᠯᠭᠠᠰᠤᠨ ᠤ ᠰᠢᠩ ᠯᠦᠩ ᠵᠤᠸᠠᠩ ᠲᠣᠰᠬᠤᠨ ᠂ ᠰᠢᠶᠣᠣ ᠵᠢᠶᠧ ᠵᠢᠢ ᠲᠣᠰᠬᠤᠨ ᠵᠡᠷᠭᠡ ᠭᠠᠵᠠᠷ ᠲᠤ ᠬᠦᠷᠴᠦ ᠂ ᠲᠤᠬᠠᠢ ᠶᠢᠨ ᠭᠠᠵᠠᠷ ᠲᠤ  ᠨᠢ ᠪᠠᠶᠢᠴᠠᠭᠠᠨ ᠦᠵᠡᠬᠦ ᠂ ᠬᠠᠷᠢᠭᠤ ᠮᠡᠳᠡᠭᠦᠯᠦᠯᠲᠡ ᠰᠣᠨᠣᠰᠬᠤ ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠤᠷᠰᠢᠯᠲᠠ ᠶᠢᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠶᠢᠯᠠᠭᠰᠠᠨ ᠠᠵᠢᠯ ᠤᠨ ᠠᠵᠢᠯᠲᠠᠳ ᠣᠳᠣᠬᠢ ᠱᠠᠲᠤᠨ ᠤ ᠠᠵᠢᠯ ᠲᠠᠢ ᠪᠠᠨ ᠤᠶᠠᠯᠳᠤᠭᠤᠯᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠠᠢ᠃ ᠣᠳᠣᠬᠠᠨ ᠳᠤ᠂ ᠺᠠᠶᠢᠯᠤ ᠰᠢᠶᠠᠨ ᠤ 10 ᠰᠢᠶᠠᠩ ᠪᠠᠯᠭᠠᠰᠤ᠂ 95 ᠲᠣᠰᠬᠤᠨ᠂ 72 ᠬᠤᠷᠰᠢᠶ᠎ᠠ᠂ 2 ᠦᠢᠯᠡᠴᠢᠯᠡᠭᠡᠨ ᠤ ᠠᠵᠤ ᠠᠬᠤᠶᠢᠯᠠᠯ ᠲᠥᠷᠥᠯ ᠵᠦᠢᠯ ᠳᠤ ᠣᠷᠣᠯᠴᠠᠵᠤ᠂ ᠦᠢᠯᠡᠴᠢᠯᠡᠭᠡᠨ ᠤ ᠲᠠᠯᠠᠪᠠᠶ  ᠨᠢ ᠵᠢᠱᠢᠯᠲᠡ ᠪᠠᠷ 40 ᠲᠦᠮᠡᠨ ᠮᠦ᠂ ᠦᠢᠯᠡᠴᠢᠯᠡᠭᠡᠨ ᠤ ᠲᠠᠷᠢᠶᠠᠴᠢᠨ ᠡᠷᠦᠬᠡ 16154 ᠡᠷᠦᠬᠡ ᠪᠠᠶᠢᠨ᠎ᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠰᠢᠨ ᠯᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠂ ᠲᠢᠶᠠᠨ ᠢ ᠶᠢᠨ ᠯᠠᠵᠤᠤ ᠦᠢᠯᠡᠳᠪᠦᠷᠢᠯᠡᠵᠦ ᠪᠣᠷᠣᠯᠠᠭᠤᠯᠬᠤ ᠲᠤᠰᠬᠠᠢ ᠬᠤᠷᠰᠢᠶ᠎ᠠ ᠂ ᠰᠢᠨ ᠨᠢᠦ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠰᠬᠠᠢ ᠬᠤᠷᠰᠢᠶ᠎ᠠ ᠂ ᡁᠢ ᠭᠦᠸᠧ ᠲᠠᠷᠢᠶᠠᠯᠠᠩ ᠤᠨ ᠲᠠᠷᠢᠮᠠᠯ ᠤᠨ ᠮᠠᠰᠢᠨ ᠲᠡᠷᠭᠡᠨ ᠤ ᠦᠢᠯᠡᠴᠢᠯᠡᠭᠡᠨ ᠤ ᠲᠤᠰᠬᠠᠢ ᠬᠤᠷᠰᠢᠶ᠎ᠠ ᠵᠡᠷᠭᠡ ᠭᠠᠵᠠᠷ ᠲᠤ ᠬᠦᠷᠴᠡᠢ ᠃ ᠬᠤᠷᠰᠢᠶ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ᠂ ᠡᠳ᠋ ᠤᠨ ᠶᠠᠪᠤᠳᠠᠯ ᠤᠨ ᠲᠠᠩᠰᠠ ᠬᠠᠷ᠎ᠠ᠂ ᠳᠦᠷᠢᠮ ᠲᠣᠭᠲᠠᠭᠠᠯ᠂ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠵᠢᠴᠢ ᠲᠥᠪ ᠤᠨ ᠡᠳ᠋ ᠤᠨ ᠵᠠᠰᠠᠭ   ᠠᠴᠠ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠭᠰᠡᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠵᠢᠯᠤᠭᠤᠳᠪᠠ ᠃
2.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号