ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/4
图片1.jpg
       4 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠬᠤᠷᠠᠯ ᠢ ᠡᠷᠭᠢᠯᠡᠪᠡ᠃       ᠶᠠᠷᠢᠯᠴᠠᠬᠤ ᠬᠤᠷᠠᠯ ᠳᠡᠭᠡᠷ᠎ᠡ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠤᠨ ᠳᠠᠷᠤᠭ᠎ᠠ ᠯᠢᠨ ᠺᠧ ᠵᠢᠶᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠠᠬᠢᠷᠤᠯ ᠯᠦ ᠵᠠᠨ ᠶᠤᠸᠠᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠲᠠᠨ᠎ᠠ ᠶᠠᠷᠢᠶ᠎ᠠ ᠲᠠᠯᠪᠢᠵᠦ ᠂ ᠲᠣᠰ ᠲᠣᠰ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠲᠠᠷᠢᠮᠠᠯ ᠤᠨ ᠦᠢᠯᠡᠰ ᠤᠨ ᠬᠥᠭᠵᠢᠯᠲᠡ᠂ ᠬᠠᠷ᠎ᠠ ᠬᠥᠷᠥᠰᠥ ᠶᠢᠨ ᠬᠠᠮᠠᠭᠠᠯᠠᠯᠲᠠ ᠠᠰᠢᠭᠯᠠᠯᠲᠠ ᠂ ᠬᠤᠵᠢᠷᠯᠢᠭ ᠭᠠᠵᠠᠷ ᠤᠨ ᠶᠡᠷᠦᠩᠬᠡᠶᠢᠯᠡᠨ ᠵᠠᠰᠠᠯᠲᠠ ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠪᠣᠯᠪᠠᠰᠤᠷᠠᠯ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃      ᠭᠦᠸᠧ ᠵᠠᠨ ᠵᠢᠶᠠᠩ ᠬᠤᠷᠠᠯ ᠳᠤ ᠣᠷᠣᠯᠴᠠᠭᠰᠠᠨ ᠨᠥᠬᠦᠳ ᠲᠠᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠬᠡᠷᠬᠢᠨ ᠪᠠᠳᠠᠷᠠᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ ᠃ ᠲᠡᠷᠡ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠣᠨ᠎ᠠ ᠂ ᠭᠤᠣᠯ ᠬᠠᠷᠢᠭᠤᠴᠠᠯᠭ᠎ᠠ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠠᠮᠤ ᠪᠤᠳᠠᠭᠠᠨ ᠤ ᠦᠢᠯᠡᠳᠪᠦᠷᠢᠯᠡᠯ ᠂ ᠦᠷ᠎ᠡ ᠶᠢᠨ ᠦᠢᠯᠡᠰ ᠤᠨ ᠬᠦᠭᠵᠢᠯᠲᠡ᠂ ᠲᠠᠷᠢᠶᠠᠨ ᠭᠠᠵᠠᠷ ᠤᠨ ᠬᠠᠮᠠᠭᠠᠯᠠᠯᠲᠠ ᠠᠰᠢᠭᠯᠠᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ ᠂ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ ᠡᠯ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ  ᠯᠦᠭᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯᠲᠡᠨ ᠤ ᠤᠶᠤᠨ ᠤ ᠬᠥᠮᠥᠷᠭᠡ ᠶᠢ ᠪᠠᠶᠢᠭᠤᠯᠵᠤ ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠃ ᠬᠦᠴᠦᠨ ᠢᠶᠠᠨ ᠲᠥᠪᠯᠡᠷᠡᠭᠦᠯᠦᠨ ᠤᠯᠠᠨ ᠲᠠᠯ᠎ᠠ ᠶᠢᠨ ᠬᠢᠨ ᠲᠠᠢ ᠬᠤᠯᠪᠣᠭᠠᠯᠠᠵᠤ ᠂ ᠡᠯ᠎ᠡ ᠲᠠᠯ᠎ᠠ ᠶᠢᠨ ᠬᠢᠨ ᠤ ᠳᠠᠪᠠᠭᠤᠯᠢᠭ ᠢ ᠪᠠᠳᠠᠷᠠᠭᠤᠯᠵᠤ ᠂ ᠬᠠᠷᠢᠯᠴᠠᠨ ᠲᠦᠰᠢᠭᠯᠡᠵᠦ ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ ᠂ ᠡᠯ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠃ ᠲᠦᠷᠦᠯ ᠵᠦᠢᠯ ᠤᠨ ᠬᠥᠮᠥᠷᠭᠡ ᠶᠢ ᠡᠮᠬᠢᠯᠡᠵᠦ ᠂ ᠬᠠᠷᠢᠭᠤᠴᠠᠯᠭ᠎ᠠ ᠶᠢᠨ ᠨᠠᠷᠢᠨ ᠳᠠᠩᠰᠠ ᠂ ᠡᠭᠦᠷᠭᠡ ᠶᠢᠨ ᠨᠠᠷᠢᠨ ᠳᠠᠩᠰᠠ ᠂ ᠠᠰᠠᠭᠤᠳᠠᠯ ᠤᠨ ᠨᠠᠷᠢᠨ ᠳᠠᠩᠰᠠ ᠶᠢ ᠡᠮᠬᠢᠯᠡᠵᠦ ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠷᠭ᠎ᠠ ᠶᠢ ᠲᠣᠭᠲᠠᠭᠠᠵᠤ ᠂ ᠵᠥᠪᠯᠡᠯᠴᠡᠭᠡᠷ ᠢ ᠬᠤᠪᠢᠷᠠᠭᠤᠯᠬᠤ ᠦᠭᠡᠢ ᠂ ᠡᠷᠴᠢᠮ ᠢ ᠰᠤᠯᠠᠷᠠᠭᠤᠯᠬᠤ ᠦᠭᠡᠢ ᠂ ᠪᠡᠯᠡ ᠮᠥᠩᠭᠦ ᠲᠤᠳᠠᠭᠤᠯᠬᠤ ᠦᠭᠡᠢ ᠶᠢ ᠪᠡᠶᠡᠯᠡᠭᠦᠯᠵᠦ ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠭᠡᠷ ᠲᠤ ᠪᠠᠨ ᠪᠠᠶᠢᠭ᠎ᠠ ᠲᠢᠩᠬᠢᠮ ᠤᠨ ᠤᠳᠤᠷᠢᠳᠤᠯᠭ᠎ᠠ᠂ ᠬᠤᠯᠪᠣᠭᠳᠠᠯ ᠪᠦᠬᠦᠢ ᠭᠠᠵᠠᠷ ᠠᠯᠪᠠᠨ ᠭᠡᠷ ᠵᠢᠴᠢ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号