ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠡᠪᠡᠰᠦᠲᠦ ᠭᠠᠵᠠᠷ ᠤᠨ ᠮᠢᠩ ᠡᠷᠪᠡᠬᠡᠢ ᠶᠢᠨ ᠬᠠᠪᠤᠷ ᠤᠨ ᠤᠯᠠᠷᠢᠯ ᠤᠨ ᠡᠪᠦᠯᠵᠢᠬᠦ ᠰᠠᠭᠤᠷᠢ ᠲᠤᠭ᠎ᠠ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/4/5
      3 ᠰᠠᠷ᠎ᠠ ᠶᠢᠨ 30 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠡᠮᠵᠢᠨ ᠮᠡᠳᠡᠭᠦᠯᠬᠦ ᠭᠠᠵᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠪᠠ ᠲᠠᠯ᠎ᠠ ᠨᠤᠲᠤᠭ ᠤᠨ ᠭᠠᠵᠠᠷ ᠲᠠᠢ ᠬᠠᠮᠲᠤᠷᠠᠨ᠂ ᠪᠠᠶᠠᠨᠨᠠᠭᠤᠷ ᠬᠤᠲᠠ᠂ ᠣᠷᠳᠣᠰ ᠬᠤᠲᠠ᠂ ᠬᠥᠬᠡᠬᠤᠲᠠ ᠳᠤ ᠬᠦᠷᠴᠦ᠂ ᠠᠶᠢᠮᠠᠭ ᠬᠤᠲᠠ᠂ ᠬᠤᠰᠢᠭᠤ ᠰᠢᠶᠠᠨ ᠬᠤᠶᠠᠷ ᠱᠠᠲᠤᠨ ᠤ ᠤᠷᠭᠤᠮᠠᠯ ᠤᠨ ᠬᠠᠮᠠᠭᠠᠯᠠᠯᠲᠠ ᠶᠢᠨ ᠮᠡᠷᠭᠡᠵᠢᠯᠲᠡᠨ ᠲᠠᠢ ᠬᠠᠮᠲᠤ ᠪᠠᠷ ᠡᠪᠡᠰᠦᠲᠦ ᠭᠠᠵᠠᠷ ᠤᠨ ᠮᠢᠩ ᠡᠷᠪᠡᠬᠡᠢ ᠶᠢᠨ ᠬᠠᠪᠤᠷ ᠤᠨ ᠤᠯᠠᠷᠢᠯ ᠤᠨ ᠬᠦᠢᠳᠡᠨ ᠢ ᠲᠤᠭᠤᠯᠬᠤ ᠰᠠᠭᠤᠷᠢ ᠲᠤᠭ᠎ᠠ ᠶᠢᠨ ᠪᠠᠶᠢᠴᠠᠭᠠᠯᠲᠠ ᠶᠢ ᠥᠷᠨᠢᠭᠦᠯᠪᠡ᠃
图片1.jpg
图片2.jpg
      ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠶᠢ ᠤᠷᠤᠭᠰᠢᠲᠠᠢ ᠥᠷᠨᠢᠭᠦᠯᠦᠭᠰᠡᠨ ᠨᠢ ᠡᠨᠡ ᠵᠢᠯ ᠤᠨ ᠡᠪᠡᠰᠦᠲᠦ ᠭᠠᠵᠠᠷ ᠤᠨ ᠮᠢᠩ ᠡᠷᠪᠡᠬᠡᠢ ᠡᠭᠦᠰᠬᠦ ᠬᠠᠨᠳᠤᠰᠢ ᠶᠢ ᠣᠨᠣᠪᠴᠢᠲᠠᠶ ᠵᠢᠱᠢᠵᠦ᠂ ᠰᠡᠷᠭᠡᠶᠢᠯᠡᠨ ᠡᠵᠡᠮᠳᠡᠬᠦ ᠠᠵᠢᠯ ᠢ ᠴᠠᠭ ᠲᠤᠬᠠᠢ ᠳᠤ  ᠨᠢ ᠪᠠᠶᠢᠷᠢᠯᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠠᠶᠦᠯᠭᠦᠢ ᠶᠢ ᠦᠨᠡᠨ ᠬᠦ ᠪᠠᠲᠤᠯᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号