| | 4 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠮᠥᠩᠭᠦᠨ ᠭᠦᠢᠯᠭᠡᠭᠡ ᠳᠠᠭᠠᠳᠬᠠᠯ ᠢᠶᠠᠷ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠂ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ | ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ | ᠶᠠᠨ ᠬᠤᠷᠠᠯ ᠢ ᠡᠷᠭᠢᠯᠡᠪᠡ᠃ | ᠶᠠᠷᠢᠯᠴᠠᠬᠤ ᠬᠤᠷᠠᠯ ᠳᠡᠭᠡᠷ᠎ᠡ ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠳᠤᠮᠳᠠᠳᠤ | ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠰᠢᠤᠳᠠᠨ ᠬᠠᠳᠠᠭᠠᠯᠠᠮᠵᠢ ᠶᠢᠨ ᠪᠠᠩᠬᠢ ᠶᠢᠨ | ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠂ ᠠᠷᠠᠳ ᠤᠨ | ᠡᠳ᠋ ᠬᠥᠷᠦᠩᠭᠡ ᠶᠢᠨ ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠶᠢᠨ ᠡᠳ᠋ | ᠬᠦᠷᠦᠩᠭᠡ ᠶᠢᠨ ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠠᠨ ᠬᠤᠸᠠ ᠲᠠᠷᠢᠶᠠᠯᠠᠩ ᠤᠨ | ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠨᠣᠮᠣᠬᠠᠨ ᠳᠠᠯᠠᠶ ᠶᠢᠨ ᠡᠳ᠋ ᠬᠦᠷᠦᠩᠭᠡ ᠶᠢᠨ | ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠽᠢ ᠶᠢᠨ ᠳᠠᠭᠠᠳᠬᠠᠯ ᠤᠨ ᠥᠪᠥᠷ ᠮᠣᠩᠭᠤᠯ ᠤᠨ | ᠬᠤᠪᠢᠶᠠᠷᠢ ᠺᠣᠮᠫᠠᠨᠢ᠂ ᠵᠦᠩᠶᠤᠸᠠᠨ ᠲᠠᠷᠢᠶᠠᠯᠠᠩ ᠤᠨ ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ | ᠺᠣᠮᠫᠠᠨᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠂ ᠲᠠᠷᠢᠶᠠᠯᠠᠩ ᠮᠠᠯ ᠠᠵᠤ | ᠠᠬᠤᠢ ᠶᠢᠨ ᠮᠥᠩᠭᠦᠨ ᠭᠦᠢᠯᠭᠡᠭᠡᠨ ᠤ ᠳᠠᠭᠠᠳᠬᠠᠯ ᠤᠨ ᠳᠡᠮᠵᠢᠯᠭᠡ᠂ ᠦᠢᠯᠡᠴᠢᠯᠡᠭᠡᠨ ᠤ ᠡᠵᠡᠩᠨᠡᠯᠲᠡ ᠶᠢᠨ ᠭᠤᠣᠯ | ᠴᠣᠭᠴᠠ᠂ ᠦᠢᠯᠡᠳᠬᠦᠨ ᠤ ᠰᠢᠨ᠎ᠡ ᠶᠢ ᠡᠭᠦᠳᠬᠦ᠂ ᠲᠣᠭᠠᠴᠢᠯᠠᠭᠰᠠᠨ ᠦᠢᠯᠡᠴᠢᠯᠡᠭᠡᠨ ᠤ ᠲᠠᠪᠴᠠᠩ᠂ ᠦᠷ᠎ᠡ ᠶᠢᠨ | ᠦᠢᠯᠡᠰ ᠤᠨ ᠵᠢᠭᠡᠯᠡᠯᠭᠡ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠵᠢᠭᠡᠯᠡᠯᠭᠡ ᠵᠡᠷᠭᠡ ᠲᠠᠯ᠎ᠠ ᠶᠢᠨ ᠪᠠᠶᠢᠳᠠᠯ ᠢ | ᠲᠣᠰ ᠲᠣᠰ ᠨᠠᠷᠢᠨ ᠲᠠᠨᠢᠯᠴᠠᠭᠤᠯᠪᠠ᠃ | ᠭᠦᠸᠧ ᠵᠠᠨ ᠵᠢᠶᠠᠩ ᠬᠤᠷᠠᠯ ᠳᠤ ᠣᠷᠣᠯᠴᠠᠭᠰᠠᠨ ᠨᠥᠬᠦᠳ ᠲᠠᠢ ᠬᠡᠷᠬᠢᠨ ᠮᠥᠩᠭᠦᠨ ᠭᠦᠢᠯᠭᠡᠭᠡ ᠳᠠᠭᠠᠳᠬᠠᠯ ᠢ | ᠠᠰᠢᠭᠯᠠᠨ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ | ᠠᠵᠢᠯ ᠳᠤ ᠰᠠᠶᠢᠲᠤᠷ ᠦᠢᠯᠡᠴᠢᠯᠡᠬᠦ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠠᠢ ᠃ ᠲᠡᠷᠡ ᠵᠢᠭᠠᠵᠤ | ᠭᠠᠷᠭᠠᠭᠰᠠᠨ ᠨᠢ᠂ ᠲᠠᠷᠢᠶᠠᠯᠠᠩ ᠮᠠᠯ ᠠᠵᠤ ᠠᠬᠤᠢ ᠶᠢᠨ ᠮᠥᠩᠭᠦᠨ ᠭᠦᠢᠯᠭᠡᠭᠡ ᠳᠠᠭᠠᠳᠬᠠᠯ ᠪᠣᠯ ᠲᠠᠷᠢᠶᠠᠯᠠᠩ ᠮᠠᠯ | ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ | ᠲᠠᠯ᠎ᠠ ᠶᠢᠨ ᠥᠭᠡᠷᠡᠴᠢᠯᠡᠯᠲᠡ ᠶᠢᠨ ᠴᠢᠬᠤᠯᠠ ᠲᠤᠯᠭᠠᠭᠤᠷᠢ ᠮᠥᠨ᠂ ᠡᠯ᠎ᠡ ᠮᠥᠩᠭᠦᠨ ᠭᠦᠢᠯᠭᠡᠭᠡ ᠳᠠᠭᠠᠳᠬᠠᠯ ᠤᠨ | ᠪᠠᠶᠢᠭᠤᠯᠤᠮᠵᠢ ᠨᠤᠭᠤᠳ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ᠂ ᠥᠪᠥᠷ ᠮᠣᠩᠭᠤᠯ ᠤᠨ ᠨᠤᠲᠤᠭ ᠤᠨ ᠣᠨᠴᠠ ᠭᠠᠷᠤᠯᠲᠠ ᠵᠡᠷᠭᠡ ᠲᠠᠯ᠎ᠠ ᠪᠠᠷ | ᠨᠠᠩ ᠣᠯᠠᠨ ᠨᠠᠩ ᠥᠪᠡᠷᠮᠢᠴᠡ ᠣᠨᠴᠠᠯᠢᠭ ᠲᠠᠢ ᠮᠥᠩᠭᠦᠨ ᠭᠦᠢᠯᠭᠡᠭᠡ᠂ ᠳᠠᠭᠠᠳᠬᠠᠯ ᠤᠨ ᠦᠢᠯᠡᠳᠬᠦᠨ ᠭᠠᠷᠭᠠᠵᠤ᠂ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃ ᠲᠡᠷᠡ ᠂ ᠡᠯ᠎ᠡ | ᠭᠠᠵᠠᠷ ᠠᠯᠪᠠᠨ ᠭᠡᠷ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡ ᠳᠠᠭᠠᠳᠬᠠᠯ ᠤᠨ ᠪᠠᠶᠢᠭᠤᠯᠤᠮᠵᠢ ᠲᠠᠢ | ᠵᠣᠯᠭᠠᠭᠤᠯᠵᠤ ᠂ ᠤᠷᠳᠤ ᠬᠤᠭᠤᠴᠠᠭᠠᠨ ᠤ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ ᠂ ᠮᠥᠩᠭᠦᠨ | ᠭᠦᠢᠯᠭᠡᠭᠡ ᠳᠠᠭᠠᠳᠬᠠᠯ ᠤᠨ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠲᠦᠷᠦᠯ ᠵᠦᠢᠯ ᠤᠨ | ᠬᠥᠮᠥᠷᠭᠡ ᠶᠢ ᠰᠠᠶᠢᠲᠤᠷ ᠪᠠᠶᠢᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ | ᠪᠣᠯᠣᠨ ᠮᠥᠩᠭᠦᠨ ᠭᠦᠢᠯᠭᠡᠭᠡ ᠳᠠᠭᠠᠳᠬᠠᠯ ᠤᠨ ᠪᠠᠶᠢᠭᠤᠯᠤᠮᠵᠢ ᠳᠤ ᠲᠣᠭᠲᠠᠭᠤᠨ ᠂ ᠰᠠᠭᠠᠳ ᠦᠭᠡᠢ ᠬᠥᠭᠦᠷᠭᠡ | ᠲᠠᠯᠪᠢᠵᠤ ᠂ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ | ᠠᠵᠢᠯ ᠤᠨ ᠶᠡᠭᠡ ᠲᠠᠯ᠎ᠠ ᠳᠤ ᠰᠠᠶᠢᠲᠤᠷ ᠦᠢᠯᠡᠴᠢᠯᠡᠵᠦ ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠂ | ᠥᠷᠭᠡᠨ ᠤᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ᠂ ᠡᠯ᠎ᠡ ᠮᠥᠩᠭᠦᠨ | ᠭᠦᠢᠯᠭᠡᠭᠡ᠂ ᠲᠠᠷᠢᠶᠠᠯᠠᠩ ᠤᠨ ᠳᠠᠭᠠᠳᠬᠠᠯ ᠤᠨ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |