ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠠᠵᠤ ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠵᠤ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ ᠤ ᠦᠵᠡᠰᠬᠦᠯᠡᠩ ᠳᠤ ᠣᠷᠤᠯᠴᠠᠭᠤᠯᠪᠠ
ᠨᠡᠶᠢᠲᠡᠯᠡᠭᠰᠡᠨ ᠴᠠᠭ᠄
2023/4/6
      3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 2 ᠤᠨ ᠡᠳᠦᠷ ᠪᠣᠯᠲᠠᠯ᠎ᠠ᠂ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ ᠤ ᠦᠵᠡᠰᠬᠦᠯᠡᠩ ᠤᠨ ᠴᠤᠭᠯᠠᠭᠠᠨ ᠵᠢᠴᠢ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠣᠷᠭᠠᠨᠢᠭ ᠢᠳᠡᠭᠡᠨ ᠤ ᠦᠵᠡᠰᠬᠦᠯᠡᠩ ᠤᠨ ᠴᠤᠭᠯᠠᠭᠠᠨ ᠾᠧᠹᠧᠢ ᠶᠢᠨ ᠪᠢᠨ ᠬᠤ᠋ ᠨᠠᠭᠤᠷ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠪᠠ᠃ ᠲᠣᠰ ᠤᠳᠠᠭᠠᠨ ᠤ ᠦᠵᠡᠰᠬᠦᠯᠡᠩ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠤᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ ᠤ ᠬᠥᠭᠵᠢᠯᠲᠡ ᠶᠢᠨ ᠲᠥᠪ᠂ ᠳᠤᠮᠳᠠᠳᠤ ᠤᠯᠤᠰ ᠤᠨ ᠪᠣᠬᠢᠷᠳᠤᠯ ᠦᠭᠡᠢ ᠢᠳᠡᠭᠡᠨ ᠤ ᠨᠡᠶᠢᠭᠡᠮᠯᠢᠭ᠂ ᠠᠨᠾᠦ᠋ᠢ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ᠂ ᠾᠧᠹᠧᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠪᠡ ᠂ ︽ᠪᠣᠬᠢᠷᠳᠤᠯ ᠦᠭᠡᠢ ᠦᠢᠯᠡᠳᠪᠦᠷᠢᠯᠡᠯ ᠢ ᠳᠡᠯᠭᠡᠷᠡᠭᠦᠯᠦᠨ᠂ ᠴᠢᠨᠠᠷ ᠰᠠᠶᠢᠲᠠᠢ ᠦᠢᠯᠡᠳᠬᠦᠨ ᠢ ᠬᠥᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠳᠤ ᠦᠢᠯᠡᠴᠢᠯᠡᠬᠦ︾ ᠭᠡᠬᠦ  ᠪᠠᠷ ᠭᠤᠣᠯ ᠰᠡᠳᠦᠪ ᠪᠣᠯᠭᠠᠨ᠂ ︽ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠷ ᠵᠣᠷᠢᠯᠲᠠ ᠪᠣᠯᠭᠠᠵᠤ᠂ ᠦᠵᠡᠰᠬᠦᠯᠡᠩ ᠤᠨ ᠲᠠᠯᠠᠪᠠᠶ  ᠨᠢ 43000 ㎡ ᠲᠤ ᠬᠦᠷᠴᠦ᠂ 3500 ᠰᠢᠬᠠᠮ ᠠᠵᠤ ᠠᠬᠤᠶᠢᠯᠠᠯ᠂ ᠲᠦᠮᠡ ᠭᠠᠷᠤᠢ ᠵᠦᠢᠯ ᠤᠨ ᠦᠢᠯᠡᠳᠬᠦᠨ ᠦᠵᠡᠰᠬᠦᠯᠡᠩ ᠳᠤ ᠣᠷᠣᠯᠴᠠᠵᠠᠢ᠃
图片2.jpg
       ᠠᠯᠠᠱᠠ ᠠᠶᠢᠮᠠᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠰᠠᠯᠠᠭ᠎ᠠ ᠮᠥᠴᠢᠷ ᠪᠣᠯᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ 5 ᠡᠷᠦᠬᠡ ᠶᠢᠨ ᠪᠣᠬᠢᠷᠳᠤᠯ ᠦᠭᠡᠢ ᠂ ᠣᠷᠭᠠᠨᠢᠭ᠂ ᠭᠠᠵᠠᠷ ᠣᠷᠣᠨ ᠤ ᠢᠯᠡᠷᠬᠡᠶᠢᠯᠡᠯᠲᠦ ᠢᠳᠡᠭᠡᠨ ᠤ ᠠᠵᠤ ᠠᠬᠤᠶᠢᠯᠠᠯ ︵ᠥᠪᠥᠷ ᠮᠣᠩᠭᠤᠯ ᠤᠨ ᠳ᠋ᠠ ᠮᠦᠸᠧ ᠾᠦᠨ ᠣᠨᠴᠠ ᠭᠠᠷᠤᠯᠲᠠ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠱᠠ ᠮᠦᠸᠧ ᠲᠦᠸᠧ ᠮᠠ ᠮᠠ ᠠᠳᠠᠯ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠠᠨ ᠳ᠋ᠡ ᠯᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠧᠨ ᠲᠦᠸᠧ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠡᠯᠡᠰᠦᠨ ᠴᠥᠯ ᠤᠨ ᠰᠠᠬᠢᠭᠤᠰᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ︶ ᠲᠣᠰ ᠤᠳᠠᠭᠠᠨ ᠤ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠪᠠ᠃ ᠦᠵᠡᠭᠦᠯᠭᠡ ᠳᠤ ᠣᠷᠣᠯᠴᠠᠭᠰᠠᠨ ᠳᠥᠷᠪᠡᠨ ᠶᠡᠭᠡ ᠲᠥᠷᠥᠯ ᠤᠨ 40 ᠭᠠᠷᠤᠢ ᠪᠦᠲᠦᠭᠡᠭᠳᠡᠬᠦᠨ ᠪᠣᠶ᠂ ᠡᠭᠦᠨ ᠳᠤ᠄ ᠢᠩᠭᠡᠨ ᠰᠦ ᠶᠢᠨ ᠰᠢᠷᠢᠰ︔ ᠴᠠᠭᠠᠨ ᠭᠤᠶᠣᠣ᠂ ᠤᠯᠠᠭᠠᠨ ᠭᠤᠶᠤᠤ ᠵᠡᠷᠭᠡ ᠡᠯᠡᠰᠦᠨ ᠤ ᠠᠵᠤ ᠦᠢᠯᠡᠰ ᠤᠨ ᠰᠢᠷᠢᠰ︔ ᠲᠡᠮᠡᠭᠡ ᠂ ᠦᠬᠡᠷ ᠤᠨ ᠮᠢᠬᠠᠨ ᠤ ᠰᠢᠷᠢᠰ︔ ᠠᠷᠢᠬᠢᠨ ᠤ ᠰᠢᠷᠢᠰ ᠪᠣᠢ ᠃ ᠪᠣᠳᠠᠲᠤ ᠪᠣᠳᠠᠰ ᠶᠢ ᠳᠡᠯᠭᠡᠨ ᠦᠵᠡᠭᠦᠯᠬᠦ᠂ ᠲᠤᠬᠠᠢ ᠶᠢᠨ ᠭᠠᠵᠠᠷ ᠲᠤ  ᠨᠢ ᠲᠠᠨᠢᠯᠴᠠᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠯᠠᠱᠠ ᠠᠶᠢᠮᠠᠭ ᠤᠨ ᠣᠨᠴᠠᠯᠢᠭᠲᠤ ᠳᠠᠪᠠᠭᠤᠯᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠦᠢᠴᠡᠳ ᠳᠡᠯᠭᠡᠨ ᠦᠵᠡᠭᠦᠯᠪᠡ ᠃ ᠲᠣᠰ ᠤᠳᠠᠭᠠᠨ ᠤ ᠦᠵᠡᠭᠦᠯᠭᠡ ᠶᠢᠨ ᠴᠤᠭᠯᠠᠭᠠᠨ ᠤ ᠲᠤᠬᠠᠢ ᠶᠢᠨ ᠲᠠᠯᠠᠪᠠᠶ ᠶᠢᠨ ᠪᠣᠷᠣᠯᠠᠭᠤᠯᠤᠯᠲᠠ ᠶᠢᠨ ᠬᠡᠮᠵᠢᠶ᠎ᠡ  ᠨᠢ 6.26 ᠲᠦᠮᠡᠨ ᠲᠥᠭᠦᠷᠢᠭ ᠲᠤ ᠬᠦᠷᠴᠦ᠂ 1 ᠠᠵᠤ ᠠᠬᠤᠶᠢᠯᠠᠯ  ᠲᠠᠢ ᠠᠮᠵᠢᠯᠲᠠ ᠲᠠᠢ ᠪᠠᠷ ᠭᠡᠷ᠎ᠡ ᠲᠣᠭᠲᠠᠵᠤ᠂ 200 ᠲᠦᠮᠡᠨ ᠲᠥᠭᠦᠷᠢᠭ ᠤᠨ ᠠᠷᠠᠯᠵᠢᠶᠠᠨ ᠤ ᠮᠥᠩᠭᠦ ᠲᠣᠬᠢᠷᠠᠭᠰᠠᠨ ᠤ ᠬᠠᠮᠲᠤ 16 ᠠᠵᠤ ᠠᠬᠤᠶᠢᠯᠠᠯ ᠲᠠᠢ 720 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠮᠥᠩᠭᠦ ᠲᠣᠬᠢᠷᠠᠪᠠ᠃
图片3.jpg
图片4.jpg 
      ᠲᠣᠰ ᠤᠳᠠᠭᠠᠨ ᠤ ᠦᠵᠡᠭᠦᠯᠭᠡ ᠶᠢᠨ ᠴᠤᠭᠯᠠᠭᠠᠨ ᠨᠢ ᠠᠯᠠᠱᠠ ᠠᠶᠢᠮᠠᠭ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠭᠠᠳᠠᠭᠰᠢ ᠳᠡᠯᠭᠡᠨ ᠦᠵᠡᠭᠦᠯᠬᠦ ᠴᠣᠩᠬᠤ ᠬᠠᠩᠭᠠᠵᠤ᠂ ᠠᠯᠠᠱᠠ ᠠᠶᠢᠮᠠᠭ ᠤᠨ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢᠨ ᠪᠠᠶᠢᠳᠠᠯ ᠢ ᠳᠡᠯᠭᠡᠨ ᠦᠵᠡᠭᠦᠯᠵᠦ᠂ ᠠᠯᠠᠱᠠ ᠠᠶᠢᠮᠠᠭ ᠤᠨ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠠᠯᠳᠠᠷᠰᠢᠯ ᠪᠠ ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠠᠯᠠᠱᠠ ᠠᠶᠢᠮᠠᠭ ᠤᠨ ᠴᠢᠨᠠᠷ ᠰᠠᠶᠢᠲᠠᠢ ᠣᠨᠴᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ᠂ ᠪᠦᠲᠦᠭᠡᠭᠳᠡᠬᠦᠨ ᠤ ᠬᠡᠷᠡᠭᠯᠡᠭᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠪᠠ ᠪᠣᠬᠢᠷᠳᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠠᠯᠠᠱᠠ ᠠᠴᠠ ᠭᠠᠷᠴᠤ᠂ ᠪᠥᠬᠦ ᠤᠯᠤᠰ ᠲᠤ ᠬᠠᠮᠲᠤᠷᠠᠯᠴᠠᠨ ᠰᠣᠯᠢᠯᠴᠠᠬᠤ ᠲᠠᠪᠴᠠᠩ ᠢ ᠪᠠᠶᠢᠭᠤᠯᠤᠨ ᠥᠭᠴᠦ᠂ ᠠᠯᠠᠱᠠ ᠠᠶᠢᠮᠠᠭ ᠤᠨ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠳ ᠲᠠᠢ ᠭᠦᠨᠵᠡᠭᠡᠢ ᠬᠠᠮᠲᠤᠷᠠᠯᠴᠠᠬᠤ᠂ ᠵᠥᠪᠳᠡᠯᠴᠡᠬᠦ ᠪᠠ ᠵᠣᠯᠭᠠᠭᠤᠯᠬᠤ ᠶᠢ ᠬᠥᠲᠥᠯᠥᠨ ᠵᠢᠯᠤᠭᠤᠳᠬᠤ ᠳᠤ ᠨᠠᠩ ᠣᠯᠠᠨ ᠠᠵᠠ ᠲᠣᠬᠢᠶᠠᠯ ᠣᠯᠭᠤᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号