︽ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠦᠬᠡᠷ ᠬᠤᠨᠢᠨ ᠤ ᠠᠵᠤ ᠦᠢᠯᠡᠰ ᠤᠨ | ᠦᠵᠡᠰᠭᠦᠯᠡᠩ︾ ᠣᠶᠢᠷ᠎ᠠ ᠳᠤ ᠬᠦᠬᠡᠬᠤᠳᠠ ᠳᠤ ᠶᠠᠪᠤᠭᠳᠠᠪᠠ᠃ ᠳᠤᠰ ᠬᠤᠭᠤᠴᠠᠭᠠᠨ ᠤ ᠦᠵᠡᠰᠭᠦᠯᠡᠩ ᠤᠨ | ᠴᠤᠭᠯᠠᠭᠠᠨ ᠨᠢ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠳᠤ ᠠᠰᠢᠭᠳᠠᠢ ᠰᠠᠶᠢᠨ ᠠᠷᠠᠯᠵᠢᠶᠠᠨ ᠤ ᠲᠠᠪᠴᠠᠩ ᠢ | ᠪᠠᠶᠢᠭᠤᠯᠤᠨ ᠦᠭᠴᠦ᠂ ᠦᠬᠡᠷ ᠬᠤᠨᠢᠨ ᠤ ᠡᠭᠦᠯᠳᠡᠷ ᠪᠣᠶᠢᠵᠢᠭᠤᠯᠬᠤ ᠂ ᠲᠡᠵᠢᠭᠡᠯ ᠡᠪᠡᠰᠦ ᠪᠣᠷᠳᠤᠭ᠎ᠠ᠂ ᠮᠠᠯᠵᠢᠯ ᠤᠨ | ᠲᠠᠯᠠᠪᠠᠢ ᠶᠢᠨ ᠮᠠᠰᠢᠨ ᠲᠥᠬᠦᠭᠡᠷᠦᠮᠵᠢ᠂ ᠴᠠᠭᠠᠨ ᠢᠳᠡᠭᠡᠨ᠂ ᠦᠬᠡᠷ ᠬᠤᠨᠢᠨ ᠤ ᠮᠢᠬ᠎ᠠ᠂ ᠡᠳ᠋ᠰᠢᠭᠦᠯᠦᠨ ᠪᠣᠭᠤᠳᠠᠯᠯᠠᠬᠤ᠂ | ᠬᠥᠯᠳᠡᠭᠡᠵᠦ ᠬᠠᠳᠠᠭᠠᠯᠠᠬᠤ ᠲᠥᠬᠦᠭᠡᠷᠦᠮᠵᠢ ᠵᠡᠷᠭᠡ ᠪᠦᠬᠦ ᠠᠵᠤ ᠦᠢᠯᠡᠰ ᠤᠨ ᠬᠡᠯᠬᠢᠶᠡᠵᠢᠭᠰᠡᠨ ᠦᠢᠯᠡᠳᠬᠦᠨ ᠢ | ᠳᠡᠯᠭᠡᠨ ᠦᠵᠡᠭᠦᠯᠵᠡᠢ᠃ | ᠨᠢᠳᠤᠨᠤᠨ ᠮᠠᠨ ᠤ ᠤᠷᠤᠨ ᠤ ᠦᠨᠢᠶᠡᠨ ᠰᠦ ᠶᠢᠨ ᠭᠠᠷᠤᠯᠲᠠ 734 ᠲᠦᠮᠡᠨ ᠲᠤᠨ᠂ ᠮᠢᠬᠠᠨ ᠤ | ᠲᠥᠷᠥᠯ ᠤᠨ ᠭᠠᠷᠤᠯᠲᠠ 278 ᠲᠦᠮᠡᠨ ᠲᠤᠨ ᠳ᠋ᠤ᠋ ᠬᠦᠷᠴᠦ᠂ ᠦᠨᠢᠶᠡᠨ ᠰᠦ ᠪᠠ ᠦᠬᠡᠷ ᠬᠤᠨᠢᠨ ᠮᠢᠬᠠᠨ ᠤ | ᠭᠠᠷᠤᠯᠲᠠ ᠦᠷᠭᠦᠯᠵᠢᠯᠡᠨ ᠪᠦᠬᠦ ᠤᠯᠤᠰ ᠲᠤ ᠲᠦᠷᠦᠭᠦᠯᠡᠪᠡ᠃ ᠮᠠᠨ ᠤ ᠤᠷᠤᠨ ᠮᠢᠬᠠᠨ ᠤ ᠲᠥᠷᠥᠯ ᠤᠨ | ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ 34 ᠲᠣᠮᠣ ᠰᠢᠶᠠᠨ | ︵ᠬᠤᠰᠢᠭᠤ︶ ᠪᠤᠯᠤᠨ ᠮᠢᠬᠠᠨ ᠤ ᠬᠤᠨᠢ ᠲᠡᠵᠢᠭᠡᠨ ᠦᠷᠡᠵᠢᠭᠦᠯᠬᠦ 27 ᠲᠣᠮᠣ ᠰᠢᠶᠠᠨ ︵ᠬᠤᠰᠢᠭᠤ︶ ᠢᠶᠠᠷ | ᠭᠤᠣᠯᠳᠠᠯᠭ᠎ᠠ ᠪᠣᠯᠭᠠᠨ᠂ ᠮᠢᠬᠠᠨ ᠤ ᠦᠬᠡᠷ ᠤᠨ ᠰᠦᠷᠦᠭ ᠢ ᠥᠷᠭᠡᠳᠭᠡᠨ ᠳᠤᠭ᠎ᠠ ᠶᠢ ᠨᠡᠮᠡᠭᠳᠡᠭᠦᠯᠬᠦ᠂ ᠮᠢᠬᠠᠨ ᠤ | ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠦᠬᠡᠷ ᠬᠤᠨᠢᠨ ᠤ ᠳᠡᠵᠢᠭᠡᠪᠦᠷᠢ ᠶᠢᠨ | ᠲᠤᠭ᠎ᠠ ᠬᠡᠮᠵᠢᠶ᠎ᠡ ᠶᠢ ᠥᠷᠭᠡᠳᠭᠡᠬᠦ ᠶᠢ ᠠᠬᠢᠭᠤᠯᠬᠤ ᠳᠠᠯ᠎ᠠ ᠪᠠᠷ ᠪᠦᠬᠦ ᠤᠯᠤᠰ ᠲᠤ ᠳᠠᠭᠤᠷᠢᠶᠠᠯ ᠤᠨ ᠦᠢᠯᠡᠳᠦᠯ | ᠦᠵᠡᠭᠦᠯᠵᠤ ᠪᠠᠶᠢᠨ᠎ᠠ ᠃ | ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠨᠢ ᠮᠠᠨ ᠤ ᠤᠷᠤᠨ ᠤ ᠦᠬᠡᠷ ᠬᠤᠨᠢᠨ ᠤ ᠠᠵᠤ | ᠦᠢᠯᠡᠰ ᠤᠨ ᠪᠦᠬᠦ ᠬᠡᠯᠬᠢᠶ᠎ᠡ ᠶᠢᠨ ᠬᠠᠮᠲᠤᠷᠠᠯᠴᠠᠭ᠎ᠠ ᠶᠢ ᠶᠡᠭᠡ ᠪᠠᠷ ᠠᠬᠢᠭᠤᠯᠤᠨ᠂ ᠦᠬᠡᠷ ᠬᠤᠨᠢᠨ ᠤ ᠬᠤᠯᠪᠣᠭᠳᠠᠯ | ᠪᠦᠬᠦᠢ ᠠᠵᠤ ᠠᠬᠤᠶᠢᠯᠠᠯ ᠤᠨ ᠴᠢᠨᠠᠷ ᠰᠠᠶᠢᠲᠠᠢ ᠨᠡᠪᠲᠡᠷᠡᠯᠴᠡᠭᠡ᠂ ᠰᠣᠯᠢᠯᠴᠠᠭ᠎ᠠ᠂ ᠰᠤᠷᠤᠯᠴᠠᠯᠭ᠎ᠠ ᠪᠠ ᠠᠷᠠᠯᠵᠢᠶ᠎ᠠ ᠶᠢ | ᠠᠬᠢᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ 293 ᠠᠵᠤ ᠠᠬᠤᠶᠢᠯᠠᠯ ᠦᠵᠡᠭᠦᠯᠭᠡ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠦᠬᠡᠷ ᠬᠤᠨᠢᠨ ᠤ ᠠᠵᠤ | ᠦᠢᠯᠡᠰ ᠤᠨ ᠦᠵᠡᠰᠭᠦᠯᠡᠩ 2023 ᠣᠨ ᠤ 7 ᠰᠠᠷ᠎ᠠ ᠶᠢᠨ 7 — 9 ᠤ ᠡᠳᠦᠷ ᠬᠥᠬᠡᠬᠤᠲᠠ ᠳᠤ ᠶᠠᠪᠤᠭᠳᠠᠵᠤ | ᠪᠤᠯᠤᠨ᠎ᠠ᠃ | |