︱ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠡᠷᠳᠡᠨᠢ ᠰᠢᠰᠢ ᠶᠢ ᠨᠢᠭᠲᠠ | ᠳᠠᠷᠢᠵᠤ ᠥᠨᠳᠥᠷ ᠤᠨᠠᠯᠲᠠ ᠤᠯᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠲᠣᠭᠤᠷᠢᠨ | ᠵᠢᠯᠣᠭᠤᠳᠪᠠ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠮᠡᠷᠭᠡᠵᠢᠯ ᠢ ᠲᠦᠯᠬᠢᠨ ᠠᠬᠢᠭᠤᠯᠵᠤ᠂ ᠨᠢᠭᠡᠴᠢ ᠤᠨᠠᠯᠲᠠ ᠶᠢ | ᠳᠡᠭᠡᠭᠰᠢᠯᠡᠭᠦᠯᠬᠦ︾ ᠪᠠ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ | ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠡᠷᠳᠡᠨᠢ ᠰᠢᠰᠢ ᠶᠢᠨ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠪᠦᠬᠦ | ᠬᠦᠴᠦᠨ ᠢᠶᠠᠷ ᠢᠶᠠᠨ ᠠᠳᠬᠤᠬᠤ ᠶᠢᠨ ᠲᠦᠯᠦᠭᠡ᠂ ᠡᠨᠡ ᠵᠢᠯ ᠤᠨ ᠡᠬᠢ ᠪᠠᠷ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠢᠨ | ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠤᠯᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ | ᠡᠵᠡᠮᠳᠡᠬᠦ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠤᠬᠠᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠡᠭᠦᠨ ᠤ ᠬᠠᠮᠲᠤ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ | ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠶᠢ ᠨᠢᠭᠲᠠ ᠳᠠᠷᠢᠵᠤ | ᠥᠨᠳᠥᠷ ᠤᠨᠠᠯᠲᠠ ᠤᠯᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠢᠱᠢᠶ᠎ᠡ | ᠦᠵᠡᠭᠦᠯᠦᠨ ᠳᠡᠯᠭᠡᠷᠡᠭᠦᠯᠬᠦ ᠠᠵᠢᠯ ᠤᠨ ᠲᠥᠰᠥᠯ︾ ︵ᠳᠣᠷᠣᠭᠰᠢ ︽ᠠᠵᠢᠯ ᠤᠨ ᠲᠥᠰᠥᠯ︾ ᠭᠡᠵᠦ ᠲᠣᠪᠴᠢᠯᠠᠨ᠎ᠠ︶ | ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ | ᠤᠨᠠᠯᠲᠠ ᠤᠯᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠢᠱᠢᠶ᠎ᠡ ᠦᠵᠡᠭᠦᠯᠦᠨ | ᠳᠡᠯᠭᠡᠷᠡᠭᠦᠯᠬᠦ ᠮᠡᠷᠭᠡᠵᠢᠯ ᠤᠨ ᠲᠥᠰᠥᠯ︾ ︵ᠳᠣᠷᠣᠭᠰᠢ ︽ᠮᠡᠷᠭᠡᠵᠢᠯ ᠤᠨ ᠲᠥᠰᠥᠯ︾ ᠭᠡᠵᠦ ᠲᠣᠪᠴᠢᠯᠠᠨ᠎ᠠ︶ ᠢ | ᠲᠣᠭᠲᠠᠭᠠᠵᠠᠢ᠃ ᠠᠵᠢᠯ ᠤᠨ ᠲᠤᠰᠬᠠᠢ ᠠᠩᠭᠢ ᠪᠠ ᠮᠡᠷᠭᠡᠵᠢᠯ ᠤᠨ ᠵᠢᠯᠣᠭᠤᠳᠤᠯᠭ᠎ᠠ ᠶᠢᠨ ᠲᠤᠰᠬᠠᠢ ᠮᠡᠷᠭᠡᠵᠢᠯᠲᠡᠨ ᠤ | ᠳᠤᠭᠤᠶᠢᠯᠠᠩ ᠢ ᠪᠠᠶᠢᠭᠤᠯᠵᠤ᠂ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ ᠵᠠᠩᠭᠢᠯᠠᠭ᠎ᠠ ᠶᠢᠨ ᠮᠡᠷᠭᠡᠵᠢᠯ ᠢ | ᠲᠣᠳᠣᠷᠬᠠᠶᠢᠯᠠᠨ᠂ ᠠᠵᠢᠯ ᠤᠨ ᠴᠢᠭᠯᠡᠯ ᠢ ᠲᠣᠭᠲᠠᠭᠠᠪᠠ᠃ | | | | | | | | 3 ᠳ᠋ᠤᠭᠠᠷ ᠰᠠᠷ᠎ᠠ ᠠᠴᠠ ᠨᠠᠭᠠᠰᠢ᠂ ᠡᠷᠳᠡᠮ ᠰᠢᠨᠵᠢᠯᠡᠭᠡᠨ ᠤ ᠲᠦᠷᠦᠭᠦᠦ᠂ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠭᠠᠵᠠᠷ ᠤᠨ ᠰᠤᠳᠤᠯᠤᠭᠴᠢ ᠯᠢ ᠱᠣᠸ ᠺᠦᠨ᠂ | ᠮᠡᠷᠭᠡᠵᠢᠯ ᠳᠡᠯᠭᠡᠷᠡᠭᠦᠯᠦᠯᠲᠡ ᠶᠢᠨ ᠲᠦᠷᠦᠭᠦᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠤᠳᠤᠯᠤᠭᠴᠢ ᠮᠠ ᠿᠢ ᠯᠢᠶᠠᠩ ᠪᠣᠯᠣᠨ ᠲᠤᠰᠬᠠᠢ ᠮᠡᠷᠭᠡᠵᠢᠯᠲᠡᠨ ᠤ | ᠳᠤᠭᠤᠶᠢᠯᠠᠩ ᠤᠨ ᠭᠡᠰᠢᠭᠦᠳ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ | ᠠᠳᠬᠤᠨ᠂ ᠭᠤᠣᠯᠳᠠᠯᠭ᠎ᠠ ᠲᠠᠢ ᠠᠶᠢᠮᠠᠭ ᠬᠤᠲᠠ᠂ ᠬᠤᠰᠢᠭᠤ ᠰᠢᠶᠠᠨ ᠳᠤ ᠭᠦᠨᠵᠡᠭᠡᠶᠢᠷᠡᠵᠦ᠂ ᠮᠡᠷᠭᠡᠵᠢᠯ ᠤᠨ | ᠪᠤᠯᠪᠠᠰᠤᠷᠠᠯ ᠤᠨ ᠵᠢᠯᠣᠭᠤᠳᠤᠯᠭ᠎ᠠ ᠪᠠ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠠᠵᠢᠯ ᠢ ᠥᠷᠨᠢᠭᠦᠯᠪᠡ᠃ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠷᠢᠳ ᠬᠤᠵᠢᠳ ᠲᠦᠩᠯᠢᠶᠣᠣ ᠬᠤᠳᠠ ᠂ ᠬᠢᠩᠭᠠᠨ ᠠᠶᠢᠮᠠᠭ ᠂ | ᠤᠯᠠᠭᠠᠨᠬᠠᠳᠠ ᠬᠤᠳᠠ᠂ ᠪᠠᠶᠠᠨᠨᠠᠭᠤᠷ ᠬᠤᠳᠠ ᠂ ᠣᠷᠳᠣᠰ ᠬᠤᠳᠠ ᠂ ᠪᠤᠭᠤᠲᠤ ᠬᠤᠳᠠ ᠂ ᠬᠥᠬᠡᠬᠤᠲᠠ ᠪᠣᠯᠣᠨ | ᠠᠯᠠᠱᠠ ᠠᠶᠢᠮᠠᠭ ᠵᠡᠷᠭᠡ 8 ᠠᠶᠢᠮᠠᠭ ᠬᠤᠳᠠ ᠂ 39 ᠬᠤᠰᠢᠭᠤ ᠰᠢᠶᠠᠨ ᠳᠤ ᠭᠦᠨᠵᠡᠭᠡᠶᠢᠷᠡᠵᠦ ᠂ ᠦᠨᠳᠦᠰᠦᠨ | ᠱᠠᠲᠤᠨ ᠤ ᠲᠠᠷᠢᠶᠠᠯᠠᠩ ᠤᠨ ᠮᠡᠷᠭᠡᠵᠢᠯᠲᠡᠨ ᠪᠣᠯᠣᠨ ᠲᠠᠷᠢᠶᠠᠴᠢᠨ ᠡᠷᠦᠭᠡ ᠶᠢ ᠨᠡᠶᠢᠳᠡ 7980 ᠭᠠᠷᠤᠢ ᠬᠥᠮᠥᠨ | ᠤᠳᠠᠭ᠎ᠠ ᠪᠣᠯᠪᠠᠰᠤᠷᠠᠭᠤᠯᠵᠤ ᠂ ᠪᠣᠳᠠᠲᠠᠢ ᠭᠠᠵᠠᠷ ᠲᠤ ᠨᠢ 46 ᠬᠡᠰᠡᠭ ᠢ ᠪᠠᠶᠢᠴᠠᠭᠠᠨ ᠰᠤᠳᠤᠯᠵᠤ ᠂ | ᠭᠤᠣᠯᠳᠠᠯᠭ᠎ᠠ ᠲᠠᠢ ᠠᠶᠢᠮᠠᠭ ᠬᠤᠳᠠ ᠬᠤᠰᠢᠭᠤ ᠰᠢᠶᠠᠨ ᠳᠤ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ ᠃ | ᠲᠣᠰ ᠤᠳᠠᠭᠠᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠲᠣᠭᠤᠷᠢᠨ ᠵᠢᠯᠤᠭᠤᠳᠬᠤ ᠪᠤᠯᠪᠠᠰᠤᠷᠠᠯ | ᠨᠢ ︽ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠤᠯᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ | ᠡᠵᠡᠮᠳᠡᠬᠦ ᠮᠡᠷᠭᠡᠵᠢᠯ ᠤᠨ ᠣᠨᠣᠯ ᠬᠢᠭᠡᠳ ᠦᠢᠯᠡᠳᠦᠯᠭᠡ︾ ᠭᠡᠬᠦ ᠪᠠᠷ ᠭᠤᠣᠯ ᠰᠡᠳᠦᠪ ᠪᠣᠯᠭᠠᠵᠤ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠲᠦᠯᠬᠢᠨ ᠠᠬᠢᠭᠤᠯᠬᠤ᠂ ᠣᠯᠠᠨ ᠴᠡᠭ ᠣᠯᠠᠨ ᠭᠠᠵᠠᠷ ᠲᠤ ᠪᠥᠬᠦ | ᠲᠠᠯ᠎ᠠ ᠪᠠᠷ ᠥᠷᠨᠢᠭᠦᠯᠬᠦ ᠠᠷᠭ᠎ᠠ ᠮᠠᠶ᠋ᠢᠭ ᠢ ᠠᠪᠴᠤ᠂ ᠠᠷᠭ᠎ᠠ ᠪᠦᠬᠦᠨ ᠢ ᠰᠦᠪᠡᠭᠴᠢᠯᠡᠨ ᠮᠡᠷᠭᠡᠵᠢᠯ ᠤᠨ ᠬᠠᠮᠤᠷᠬᠤ | ᠬᠡᠪᠴᠢᠶ᠎ᠡ ᠶᠢ ᠦᠷᠭᠡᠳᠬᠡᠪᠡ᠃ ᠲᠤᠰᠬᠠᠢ ᠮᠡᠷᠭᠡᠵᠢᠯᠲᠡᠨ ᠬᠢᠴᠢᠶᠡᠯ ᠵᠢᠭᠠᠬᠤ ᠳᠤ ᠪᠠᠨ ᠭᠦᠨᠵᠡᠭᠡᠢ ᠪᠥᠭᠡᠳ | ᠣᠶᠢᠯᠠᠭᠠᠮᠵᠢᠲᠠᠢ ᠪᠠᠶᠢᠵᠤ᠂ ᠣᠳᠣᠬᠠᠨ ᠤ ᠡᠷᠳᠡᠨᠢ ᠰᠢᠰᠢ ᠶᠢᠨ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠶᠢᠨ | ᠬᠠᠮᠲᠤ ᠪᠠᠰᠠ ᠵᠠᠩᠭᠢᠯᠠᠭ᠎ᠠ ᠶᠢᠨ ᠮᠡᠷᠭᠡᠵᠢᠯ ᠤᠨ ᠭᠤᠭᠴᠤᠭ᠎ᠠ ᠶᠢ ᠲᠣᠳᠤᠷᠬᠠᠶᠢᠯᠠᠵᠤ᠂ ᠡᠯ᠎ᠡ ᠭᠠᠵᠠᠷ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠮᠡᠷᠭᠡᠵᠢᠯ ᠤᠨ ᠭᠦᠢᠴᠡᠳᠬᠡᠯ ᠲᠤᠭ᠎ᠠ ᠶᠢᠨ ᠪᠣᠯᠵᠣᠯᠲᠤ | ᠲᠤᠭ᠎ᠠ ᠶᠢ ᠳᠤᠷᠠᠳᠤᠨ ᠭᠠᠷᠭᠠᠵᠤ᠂ ᠪᠣᠯᠪᠠᠰᠤᠷᠠᠯ ᠤᠨ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠥᠭᠵᠢᠶᠡᠨᠲᠡᠢ | ᠪᠠᠶᠢᠵᠤ᠂ ᠲᠠᠷᠢᠶᠠᠴᠢᠨ ᠡᠷᠦᠬᠡ ᠶᠢᠨ ᠰᠢᠨ᠎ᠡ ᠮᠡᠷᠭᠡᠵᠢᠯ ᠢ ᠲᠤᠷᠰᠢᠬᠤ ᠬᠦᠰᠡᠯ ᠡᠷᠡᠮᠡᠯᠵᠡᠯ ᠴᠢᠩᠭ᠎ᠠ ᠪᠠᠶᠢᠪᠠ᠃ | ᠣᠳᠣᠬᠠᠨ ᠪᠣᠯᠲᠠᠯ᠎ᠠ᠂ ᠪᠥᠬᠦ ᠣᠷᠣᠨ ᠳᠤ ᠨᠡᠶᠢᠲᠡ 55 ᠤᠳᠠᠭ᠎ᠠ ᠪᠣᠯᠪᠠᠰᠤᠷᠠᠯ ᠤᠨ ᠠᠩᠭᠢ ᠡᠷᠭᠢᠯᠡᠵᠦ᠂ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠲᠠᠨ ᠢ 1030 ᠬᠥᠮᠥᠨ ᠤᠳᠠᠭ᠎ᠠ | ᠪᠣᠯᠪᠠᠰᠤᠷᠠᠭᠤᠯᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠵᠢᠴᠢ ᠠᠮᠤ ᠪᠤᠳᠠᠭ᠎ᠠ ᠳᠠᠷᠢᠬᠤ ᠲᠣᠮᠣ | ᠡᠷᠦᠬᠡ ᠶᠢ 6954 ᠬᠥᠮᠥᠨ ᠤᠳᠠᠭ᠎ᠠ ᠪᠤᠯᠪᠠᠰᠤᠷᠠᠭᠤᠯᠪᠠ᠃ | | | | | ᠡᠭᠦᠨ ᠠᠴᠠ ᠭᠠᠳᠠᠨ᠎ᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠰᠠ ᠲᠥᠷᠥᠯ ᠵᠦᠢᠯ ᠤᠨ ᠭᠠᠵᠠᠷ ᠲᠤ | ᠭᠦᠨᠵᠡᠭᠡᠶᠢᠷᠡᠨ ᠲᠤᠬᠠᠢ ᠶᠢᠨ ᠭᠠᠵᠠᠷ ᠤᠨ ᠠᠭᠤᠷ ᠠᠮᠢᠰᠬᠤᠯ᠂ ᠬᠥᠷᠥᠰᠥ ᠰᠢᠷᠣᠢ᠂ ᠤᠰᠤᠯᠠᠯᠲᠠ ᠵᠡᠷᠭᠡ | ᠦᠢᠯᠡᠳᠪᠦᠷᠢᠯᠡᠯ ᠤᠨ ᠨᠥᠬᠦᠴᠡᠯ ᠢ ᠨᠠᠷᠢᠨ ᠣᠶᠢᠯᠠᠭᠠᠬᠤ ᠶᠢᠨ ᠬᠠᠮᠲᠤ ︽ᠠᠵᠢᠯ ᠤᠨ ᠲᠥᠰᠥᠯ︾ ᠪᠠ | ︽ᠮᠡᠷᠭᠡᠵᠢᠯ ᠤᠨ ᠲᠥᠰᠥᠯ︾ ᠤᠨ ᠪᠣᠳᠠᠲᠠᠢ ᠱᠠᠭᠠᠷᠳᠠᠯᠭ᠎ᠠ ᠶᠢᠨ ᠲᠣᠭᠤᠷᠢᠨ ᠳᠤ ᠠᠶᠢᠮᠠᠭ ᠬᠤᠲᠠ᠂ ᠬᠤᠰᠢᠭᠤ | ᠰᠢᠶᠠᠨ ᠤ ᠲᠠᠷᠢᠶᠠᠯᠠᠩ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠥᠮᠥᠰ ᠲᠠᠢ ᠶᠠᠷᠢᠯᠴᠠᠵᠤ ᠰᠣᠯᠢᠯᠴᠠᠪᠠ᠃ | ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠷᠳᠡᠨᠢ ᠰᠢᠰᠢ ᠶᠢ ᠨᠢᠭᠲᠠ ᠳᠠᠷᠢᠵᠤ | ᠥᠨᠳᠥᠷ ᠤᠨᠠᠯᠲᠠ ᠣᠯᠬᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠢᠱᠢᠶ᠎ᠡ | ᠦᠵᠡᠭᠦᠯᠦᠨ ᠳᠡᠯᠭᠡᠷᠡᠭᠦᠯᠬᠦ ᠠᠵᠢᠯ ᠢ ᠵᠠᠩᠭᠢᠯᠠᠭ᠎ᠠ ᠶᠢᠨ ᠮᠡᠷᠭᠡᠵᠢᠯ ᠤᠨ ᠭᠤᠭᠴᠤᠭ᠎ᠠ ᠳᠤ ᠲᠥᠪᠯᠡᠷᠡᠭᠦᠯᠵᠦ᠂ ᠨᠢᠭᠲᠠ | ᠪᠥᠬᠡᠯᠢᠭ ᠡᠭᠦᠯᠳᠡᠷ ᠢ ᠰᠢᠯᠢᠨ ᠰᠣᠩᠭᠤᠬᠤ᠂ ᠲᠣᠬᠢᠷᠠᠮᠵᠢᠲᠠᠢ ᠨᠢᠭᠲᠠᠴᠠ᠂ ᠳᠠᠷᠢᠬᠤ ᠵᠠᠭᠪᠤᠷ᠂ ᠤᠰᠤ ᠪᠣᠷᠳᠣᠭᠤᠷ ᠢ | ᠨᠠᠷᠢᠯᠢᠭ ᠣᠨᠣᠴᠠᠲᠠᠢ ᠬᠡᠷᠡᠭᠯᠡᠬᠦ᠂ ᠬᠢᠮᠢ ᠶᠢᠨ ᠲᠣᠬᠢᠷᠠᠭᠤᠯᠤᠯ ᠡᠵᠡᠮᠳᠡᠯ᠂ ᠡᠪᠡᠳᠴᠢᠨ ᠬᠤᠷᠣᠬᠠᠢ ᠶᠢ ᠰᠡᠷᠭᠡᠶᠢᠯᠡᠨ | ᠵᠠᠰᠠᠬᠤ᠂ ᠮᠠᠰᠢᠨ ᠢᠶᠠᠷ ᠮᠥᠬᠦᠯᠢᠭ ᠬᠤᠷᠢᠶᠠᠬᠤ ᠵᠡᠷᠭᠡ ᠲᠠᠯ᠎ᠠ ᠪᠠᠷ ᠲᠤᠷᠰᠢᠯᠲᠠ ᠬᠢᠵᠦ ᠵᠢᠱᠢᠶ᠎ᠡ ᠦᠵᠡᠭᠦᠯᠬᠦ ᠠᠵᠢᠯ ᠢ | ᠦᠷᠨᠢᠭᠦᠯᠦᠨ᠂ ᠪᠠᠭ᠎ᠠ ᠲᠠᠯᠠᠪᠠᠢ ᠪᠠᠷ ᠲᠤᠷᠰᠢᠯᠲᠠ ᠬᠢᠵᠦ ᠵᠢᠱᠢᠶ᠎ᠡ ᠦᠵᠡᠭᠦᠯᠦᠨ ᠥᠨᠳᠥᠷ ᠤᠨᠠᠯᠲᠠ ᠶᠢᠨ ᠪᠣᠭᠤᠮᠲᠠ | ᠰᠢᠪᠲᠤᠯᠬᠤ ᠪᠠ ᠶᠡᠭᠡ ᠲᠠᠯᠠᠪᠠᠢ ᠪᠠᠷ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠵᠡᠷᠭᠡᠪᠡᠷ ᠥᠷᠨᠢᠭᠦᠯᠵᠦ᠂ ᠬᠠᠮᠵᠢᠯᠴᠠᠨ | ᠠᠬᠢᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠤᠯᠤᠰ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠲᠦᠰᠢᠭᠯᠡᠨ᠂ ᠥᠨᠳᠥᠷ ᠤᠨᠠᠯᠲᠠ ᠲᠠᠢ | ᠨᠡᠶᠢᠲᠡᠯᠢᠭ ᠵᠢᠱᠢᠶ᠎ᠡ᠂ ᠥᠨᠳᠥᠷ ᠤᠨᠠᠯᠲᠠ ᠲᠠᠢ ᠲᠣᠰᠬᠤᠨ᠂ ᠲᠣᠨ ᠤ ᠤᠨᠠᠯᠳᠠ ᠲᠠᠢ ᠰᠢᠯᠢᠳᠡᠭ ᠳᠠᠷᠢᠶᠠᠨ | ᠭᠠᠵᠠᠷ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠳᠡᠨᠢ ᠰᠢᠰᠢ ᠶᠢᠨ ᠨᠢᠭᠡᠴᠢ ᠲᠠᠯᠠᠪᠠᠢ ᠶᠢᠨ | ᠤᠨᠠᠯᠲᠠ᠂ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃ | | | | | | | | | ᠲᠣᠰ ᠤᠳᠠᠭᠠᠨ ᠤ ᠲᠣᠭᠤᠷᠢᠨ ᠵᠢᠯᠤᠭᠤᠳᠴᠤ ᠪᠣᠯᠪᠠᠰᠤᠷᠠᠭᠤᠯᠬᠤ ᠪᠠ ᠲᠥᠷᠥᠯ ᠵᠦᠢᠯ ᠤᠨ | ᠨᠠᠶᠢᠳᠠᠪᠤᠷᠢᠵᠢᠭᠤᠯᠤᠯᠲᠠ ᠨᠢ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠣᠯᠬᠤ ᠨᠠᠷᠢᠯᠢᠭ | ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠰᠢᠨᠵᠢᠯᠡᠬᠦ ᠤᠬᠠᠭᠠᠨᠴᠢ ᠪᠠᠷ᠂ ᠵᠢᠷᠤᠮᠵᠢᠭᠤᠨ᠂ ᠡᠮᠬᠢ | ᠵᠢᠷᠤᠮ ᠲᠠᠢ ᠪᠠᠷ ᠳᠡᠯᠭᠡᠷᠡᠭᠦᠯᠵᠦ᠂ ᠮᠡᠷᠭᠡᠵᠢᠯ ᠢ ᠪᠣᠳᠠᠲᠠᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠨᠢᠭᠡᠴᠢ | ᠲᠠᠯᠠᠪᠠᠶ ᠶᠢᠨ ᠤᠨᠠᠯᠲᠠ ᠶᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ | ᠪᠠᠶᠢᠨ᠎ᠠ᠃ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠤᠨ | ᠬᠢᠨ ᠪᠠᠰᠠ ᠲᠥᠷᠥᠯ ᠵᠦᠢᠯ ᠤᠨ ᠡᠭᠦᠷᠭᠡ ᠶᠢᠨ ᠬᠤᠪᠢᠶᠠᠷᠢᠯᠠᠯᠲᠠ ᠶᠢ ᠴᠠᠭ ᠲᠤᠬᠠᠢ ᠳᠤ ᠨᠢ ᠲᠣᠳᠣᠷᠬᠠᠢ | ᠪᠣᠯᠭᠠᠭᠰᠠᠨ ᠦᠭᠡᠢ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠢᠯᠠᠨ | ᠳᠠᠪᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠨᠡᠪᠲᠡᠷᠡᠯᠴᠡᠭᠡ ᠪᠠᠨ ᠴᠢᠩᠭᠠᠳᠬᠠᠨ᠂ ᠠᠵᠢᠯ ᠤᠨ ᠲᠥᠰᠥᠯ | ᠪᠠ ᠮᠡᠷᠭᠡᠵᠢᠯ ᠤᠨ ᠵᠠᠭᠪᠤᠷ ᠢ ᠲᠦᠷᠭᠡᠨ ᠲᠣᠭᠲᠠᠭᠠᠨ ᠳᠠᠷᠤᠮᠠᠯᠯᠠᠨ ᠲᠠᠷᠬᠠᠭᠠᠵᠤ᠂ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠪᠠᠯᠭᠠᠰᠤ᠂ ᠲᠣᠰᠬᠤᠨ᠂ ᠡᠷᠦᠬᠡ ᠳᠤ ᠣᠴᠢᠭᠤᠯᠤᠨ ᠰᠢᠨ᠎ᠡ ᠮᠡᠷᠭᠡᠵᠢᠯ ᠢ ᠤᠬᠠᠭᠤᠯᠤᠨ | ᠲᠠᠶᠢᠯᠪᠤᠷᠢᠯᠠᠭᠤᠯᠵᠤ ᠂ ᠴᠠᠭ ᠢ ᠠᠮᠵᠢᠨ ᠳᠠᠷᠢᠶᠠᠨ ᠭᠠᠵᠠᠷ ᠢ ᠨᠠᠶᠢᠳᠠᠪᠤᠷᠢᠵᠢᠭᠤᠯᠵᠤ ᠂ ᠲᠤᠷᠰᠢᠯᠲᠠ ᠬᠢᠵᠦ ᠵᠢᠱᠢᠶ᠎ᠡ | ᠦᠵᠡᠭᠦᠯᠦᠨ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ ᠭᠡᠵᠦ ᠢᠯᠡᠷᠬᠡᠶᠢᠯᠡᠪᠡ᠃ | ᠣᠳᠣᠬᠠᠨ ᠳᠤ ᠬᠠᠪᠤᠷ ᠤᠨ ᠤᠷᠢᠬᠠᠨ ᠰᠠᠯᠬᠢ ᠰᠠᠯᠬᠢᠯᠠᠵᠤ᠂ ᠬᠤᠷ᠎ᠠ ᠪᠣᠷᠣᠭᠠᠨ ᠣᠷᠣᠵᠤ᠂ ᠬᠠᠪᠤᠷ ᠤᠨ | ᠠᠭᠤᠷ ᠠᠮᠢᠰᠬᠤᠯ ᠢ ᠳᠠᠭᠠᠯᠳᠤᠨ᠂ ᠡᠷᠳᠡᠨᠢ ᠰᠢᠰᠢ ᠶᠢᠨ ᠬᠠᠪᠤᠷ ᠤᠨ ᠲᠠᠷᠢᠶᠠᠯᠠᠭ᠎ᠠ ᠤᠳᠠᠯ ᠦᠭᠡᠢ ᠡᠬᠢᠯᠡᠬᠦ ᠭᠡᠵᠦ | ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠨᠢ | ᠪᠠᠰᠠ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠲᠠᠳ ᠲᠠᠢ | ᠬᠤᠯᠪᠤᠭᠠᠯᠠᠨ ︽ᠡᠷᠲᠡ︾ ᠳᠤ ᠰᠠᠭᠤᠷᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ | ᠲᠥᠷᠥᠯ ᠵᠦᠢᠯ ᠤᠨ ᠲᠣᠭᠤᠷᠢᠭ ᠲᠤ ᠦᠷᠭᠦᠯᠵᠢᠯᠡᠨ ᠭᠦᠨᠵᠡᠭᠡᠶᠢᠷᠡᠵᠦ᠂ ᠲᠠᠷᠢᠶᠠᠴᠢᠨ ᠡᠷᠦᠬᠡ ᠳᠤ ᠲᠠᠷᠢᠶᠠᠨ ᠭᠠᠵᠠᠷ | ᠲᠡᠭᠰᠢᠯᠡᠬᠦ ᠪᠠ ᠳᠠᠷᠢᠬᠤ ᠭᠤᠭᠴᠤᠭ᠎ᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤ ᠨᠢ ᠲᠠᠶᠢᠯᠪᠤᠷᠢᠯᠠᠨ | ᠥᠭᠴᠦ᠂ ᠡᠯᠪᠡᠭ ᠬᠤᠷᠢᠶᠠᠯᠲᠠ ᠶᠢᠨ ︽ᠠᠩᠬᠠᠨ ᠤ ᠳᠠᠶᠢᠯᠠᠯᠳᠤᠭᠠᠨ︾ ᠢ ᠰᠠᠶᠢᠲᠤᠷ ᠬᠢᠬᠦ ᠳᠤ ᠬᠦᠴᠦ ᠨᠡᠮᠡᠷᠢᠯᠡᠵᠦ᠂ | ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠲᠡᠮᠡᠴᠡᠨ ᠣᠯᠬᠤ ᠳᠤ ᠰᠠᠶᠢᠨ ᠰᠠᠭᠤᠷᠢ ᠲᠠᠯᠪᠢᠵᠤ | ᠦᠭᠬᠦ ᠪᠠᠷ ᠢᠳᠡᠭᠡᠯ ᠲᠦᠭᠦᠷᠡᠩ ᠠᠵᠢᠯᠯᠠᠵᠤ ᠪᠤᠢ ︕ | | | | |