ᠨᠣᠣᠯᠤᠭᠤᠷ ᠤᠨ ᠢᠰᠢᠭᠡ ᠶᠢ ᠣᠬᠤᠷ ᠬᠤᠭᠤᠴᠠᠭᠠᠨ ᠳᠤ ᠲᠠᠷᠭᠤᠯᠠᠭᠤᠯᠬᠤ ᠮᠡᠷᠭᠡᠵᠢᠯ
ᠨᠡᠶᠢᠲᠡᠯᠡᠭᠰᠡᠨ ᠴᠠᠭ᠄
2023/5/1
      ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠵᠢᠴᠢ ᠪᠦᠷᠢᠮᠦᠰᠦᠨ ᠬᠠᠰᠢᠶᠠᠯᠠᠨ ᠲᠡᠵᠢᠭᠡᠬᠦ ᠨᠥᠬᠦᠴᠡᠯ ᠳᠣᠣᠷᠠᠬᠢ ᠢᠰᠢᠭᠡ ᠪᠣᠷᠳᠣᠵᠤ ᠲᠠᠷᠭᠤᠯᠠᠭᠤᠯᠬᠤ ᠲᠤᠷᠰᠢᠯᠲᠠ ᠶᠢ ᠥᠷᠨᠢᠭᠦᠯᠵᠦ᠂ ᠮᠠᠯᠵᠢᠬᠤ ᠣᠷᠣᠨ ᠤ ᠨᠣᠣᠯᠤᠭᠤᠷ ᠤᠨ ᠢᠰᠢᠭᠡ ᠶᠢ ᠪᠣᠷᠳᠣᠵᠤ ᠲᠠᠷᠭᠤᠯᠠᠭᠤᠯᠬᠤ ᠬᠤᠭᠤᠴᠠᠭ᠎ᠠ ᠶᠢ ᠪᠣᠭᠤᠨᠢᠰᠬᠠᠵᠤ᠂ ᠬᠠᠮᠠᠭᠠᠯᠠᠯᠲᠠ ᠶᠢᠨ ᠣᠷᠣᠨ ᠤ ᠨᠣᠣᠯᠤᠭᠤᠷ ᠤᠨ ᠢᠮᠠᠭ᠎ᠠ ᠶᠢ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠬᠦ ᠵᠣᠷᠢᠯᠭ᠎ᠠ ᠳᠤ ᠬᠦᠷᠦᠭᠦᠯᠦᠨ᠎ᠡ᠃ ᠢᠰᠢᠭᠡ ᠶᠢ ᠰᠦ ᠠᠴᠠ   ᠨᠢ  ᠰᠠᠯᠭᠠᠭᠰᠠᠨ ᠤ ᠳᠠᠷᠠᠭ᠎ᠠ ︽ ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ ︾ ᠠᠷᠭ᠎ᠠ ᠪᠠᠷ ᠲᠦᠷᠭᠡᠨ  ᠪᠣᠷᠳᠤᠵᠤ ᠲᠠᠷᠭᠤᠯᠠᠭᠤᠯᠵᠤ᠂ ᠪᠣᠷᠳᠣᠵᠤ ᠲᠠᠷᠭᠤᠯᠠᠭᠤᠯᠬᠤ ᠬᠤᠭᠤᠴᠠᠭᠠᠨ ᠳᠤ ᠨᠢᠭᠡ ᠢᠰᠢᠭᠡ ᠳᠤᠮᠳᠠᠴᠢ ᠪᠠᠷ ᠡᠳᠦᠷ ᠪᠦᠷᠢ 350 ᠭᠷᠡᠮ ᠪᠣᠷᠳᠤᠭᠤᠷ ᠨᠦᠬᠦᠪᠦᠷᠢᠯᠡᠵᠦ᠂ ᠤᠷᠢᠳ ᠢᠶᠠᠷ ᠪᠠᠭ᠎ᠠ ᠳᠠᠷᠠᠭ᠎ᠠ ᠪᠠᠷ ᠠᠷᠪᠢᠨ ᠂ ᠠᠭᠠᠵᠢᠮ ᠢᠶᠠᠷ ᠨᠡᠮᠡᠭᠳᠡᠭᠦᠯᠦᠨ᠎ᠡ ᠃ ᠡᠭᠦᠨ ᠤ ᠬᠠᠮᠲᠤ ᠬᠠᠭᠠᠰ ᠰᠠᠷ᠎ᠠ ᠪᠤᠶᠤ ᠰᠠᠷ᠎ᠠ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠢᠰᠢᠭᠡᠨ ᠤ ᠪᠡᠶ᠎ᠡ ᠶᠢᠨ ᠬᠦᠨᠳᠦ ᠶᠢ ᠬᠡᠮᠵᠢᠨ᠎ᠡ ᠂ ᠪᠣᠷᠳᠣᠵᠤ ᠲᠠᠷᠭᠤᠯᠠᠭᠤᠯᠬᠤ ᠬᠤᠭᠤᠴᠠᠭ᠎ᠠ ᠨᠢ ᠶᠡᠷᠦ ᠳᠡᠭᠡᠨ ᠳᠥᠷᠪᠡᠨ ᠰᠠᠷ᠎ᠠ ᠪᠠᠶᠢᠳᠠᠭ᠂ ᠪᠣᠷᠳᠣᠵᠤ ᠲᠠᠷᠭᠤᠯᠠᠭᠤᠯᠬᠤ ᠬᠤᠭᠤᠴᠠᠭᠠᠨ ᠳᠤ ᠲᠦᠷᠭᠡᠨ ᠪᠣᠷᠳᠣᠵᠤ ᠲᠠᠷᠭᠤᠯᠠᠭᠤᠯᠬᠤ + ᠪᠡᠯᠴᠢᠭᠡᠷᠯᠡᠭᠦᠯᠬᠦ ᠪᠠᠷ ᠳᠡᠮᠵᠢᠨ᠂ ᠢᠰᠢᠭᠡᠨ ᠤ ᠪᠣᠷᠳᠣᠵᠤ ᠲᠠᠷᠭᠤᠯᠠᠭᠤᠯᠬᠤ ᠬᠤᠷᠳᠤᠴᠠ ᠨᠢ ᠤᠯᠠᠮᠵᠢᠯᠠᠯᠲᠤ ᠪᠣᠷᠳᠣᠵᠤ ᠲᠠᠷᠭᠤᠯᠠᠭᠤᠯᠬᠤ ᠵᠠᠭᠪᠤᠷ  ᠠᠴᠠ ᠢᠯᠡᠳᠲᠡ ᠥᠨᠳᠥᠷ ᠪᠠᠶᠢᠵᠤ᠂ ᠠᠵᠤ ᠠᠬᠤᠢ ᠶᠢᠨ ᠦᠷ᠎ᠡ ᠠᠰᠢᠭ ᠨᠢ ᠤᠯᠠᠮᠵᠢᠯᠠᠯᠲᠤ ᠪᠣᠷᠳᠣᠵᠤ ᠲᠡᠵᠢᠭᠡᠬᠦ ᠵᠠᠭᠪᠤᠷ  ᠠᠴᠠ ᠢᠯᠡᠳᠲᠡ ᠰᠠᠶᠢᠨ ᠪᠠᠶᠢᠳᠠᠭ ᠪᠥᠭᠡᠳ ᠢᠰᠢᠭᠡᠨ ᠤ ᠵᠠᠷᠤᠴᠠᠭᠤᠯᠤᠯᠲᠠ ᠳᠤ ᠤᠷᠤᠭᠤᠯᠬᠤ ᠬᠤᠭᠤᠴᠠᠭ᠎ᠠ ᠶᠢ ᠪᠣᠭᠤᠨᠢᠰᠬᠠᠵᠤ ᠂ ᠮᠠᠯ ᠰᠦᠷᠦᠭ ᠤᠨ ᠡᠷᠭᠢᠯᠲᠡ ᠶᠢ ᠲᠦᠷᠭᠡᠳᠬᠡᠵᠦ᠂ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠵᠦ ᠪᠣᠯᠣᠨ᠎ᠠ᠃ ᠡᠭᠦᠨ ᠤ ᠬᠠᠮᠲᠤ ᠨᠣᠣᠯᠤᠭᠤᠷ ᠤᠨ ᠢᠰᠢᠭᠡ ᠶᠢ ᠣᠬᠤᠷ ᠬᠤᠭᠤᠴᠠᠭᠠᠨ ᠳᠤ ᠪᠣᠷᠳᠤᠵᠤ ᠲᠠᠷᠭᠤᠯᠠᠭᠤᠯᠬᠤ ᠵᠡᠷᠭᠡ ᠮᠡᠷᠭᠡᠵᠢᠯ ᠢ ᠶᠡᠬᠡᠪᠡᠷ ᠲᠦᠯᠬᠢᠨ ᠠᠬᠢᠭᠤᠯᠵᠤ ᠂ ᠲᠡᠭᠦᠨ ᠤ  ᠮᠢᠬᠠᠨ ᠤ ᠭᠠᠷᠤᠴᠠ ᠪᠣᠯᠣᠨ ᠵᠠᠷᠤᠴᠠᠭᠤᠯᠤᠯᠲᠠ ᠳᠤ ᠤᠷᠤᠭᠤᠯᠬᠤ ᠨᠤᠷᠮ᠎ᠠ ᠶᠢ ᠳᠡᠭᠡᠭᠰᠢᠯᠡᠭᠦᠯᠦᠨ ᠂ ᠨᠣᠣᠯᠤᠭᠤᠷ ᠪᠠ ᠮᠢᠬᠠᠨ ᠤ ᠬᠤᠣᠰ ᠥᠨᠳᠥᠷ ᠤᠨᠠᠯᠲᠠ ᠶᠢ ᠠᠬᠢᠭᠤᠯᠵᠤ ᠂ ᠨᠣᠣᠯᠤᠭᠤᠷ ᠤᠨ ᠢᠮᠠᠭᠠᠨ ᠤ ᠶᠡᠷᠦᠩᠬᠡᠶᠢᠯᠡᠭᠰᠡᠨ ᠲᠡᠵᠢᠭᠡᠨ ᠦᠷᠡᠵᠢᠭᠦᠯᠬᠦ ᠦᠷ᠎ᠡ ᠠᠰᠢᠭ ᠢ  ᠲᠡᠭᠡᠭᠰᠢᠯᠡᠭᠦᠯᠵᠦ  ᠪᠤᠯᠤᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号