ᠬᠢᠩᠭᠠᠨ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ 2023 ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ ᠳᠤ ᠲᠡᠯᠭᠡᠭᠳᠡᠪᠡ
ᠨᠡᠶᠢᠲᠡᠯᠡᠭᠰᠡᠨ ᠴᠠᠭ᠄
2023/5/10
      5 ᠰᠠᠷ᠎ᠠ ᠶᠢᠨ 8 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ ᠤ ᠵᠢᠯᠤᠭᠤᠳᠤᠭᠰᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠤᠣᠯᠯᠠᠨ ᠡᠷᠭᠢᠯᠡᠭᠰᠡᠨ 2023 ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ ᠪᠡᠭᠡᠵᠢᠩ ᠳᠤ ᠬᠤᠷᠠᠯᠳᠤᠪᠠ᠃      ᠬᠤᠷᠠᠯ ᠠᠴᠠ᠂ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠬᠥᠭᠵᠢᠯᠲᠡ ᠨᠢ ᠨᠢᠭᠡᠨᠲᠡ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠶᠢᠨ ᠴᠢᠬᠤᠯᠠ ᠭᠠᠷᠳᠠᠴᠠ ᠪᠣᠯᠵᠠᠢ᠃ ᠣᠶᠢᠷ᠎ᠠ ᠶᠢᠨ ᠵᠢᠯ ᠤᠳ ᠲᠤ᠂ ᠲᠠᠷᠢᠶᠠᠯᠠᠩ ᠤᠨ ᠨᠠᠷᠠᠲᠤ ᠲᠡᠮᠳᠡᠭᠲᠦ ᠶᠢ ᠲᠦᠯᠬᠢᠨ ᠠᠬᠢᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ 31 ᠮᠤᠵᠢ ︵ᠣᠷᠣᠨ᠂ ᠬᠤᠲᠠ︶ ᠴᠥᠮ ᠨᠠᠷᠠᠲᠤ ᠲᠡᠮᠳᠡᠭᠲᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ︔ ᠬᠥᠭᠵᠢᠯᠲᠡ ᠶᠢᠨ ᠰᠠᠭᠤᠷᠢ ᠡᠳᠦᠷ ᠢᠷᠡᠬᠦᠶ᠎ᠡ ᠪᠠᠬᠢᠵᠢᠵᠦ᠂ ᠪᠣᠬᠢᠷᠲᠤᠯ ᠦᠭᠡᠢ ᠢᠳᠡᠭᠡᠨ ᠪᠠ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠪᠠᠷᠢᠮᠵᠢᠶᠠᠲᠤ ᠦᠢᠯᠡᠳᠬᠦᠨ  ᠨᠢ 6 ᠲᠦᠮᠡ ᠭᠠᠷᠤᠢ ᠳᠤ ᠬᠦᠷᠴᠦ᠂ ᠰᠢᠨ᠎ᠡ ᠪᠠᠷ ᠨᠡᠮᠡᠭᠳᠡᠭᠰᠡᠨ ᠭᠠᠷᠤᠯᠲᠠ ᠶᠢᠨ ᠣᠷᠣᠨ ᠤ ᠬᠦᠢᠲᠡᠨ ᠢᠶᠠᠷ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠲᠦᠭᠦᠭᠡᠷᠦᠮᠵᠢ ᠶᠢᠨ ᠬᠥᠮᠥᠷᠭᠡ ᠶᠢᠨ ᠪᠠᠭᠲᠠᠭᠠᠮᠵᠢ  ᠨᠢ 1800 ᠲᠦᠮᠡᠨ ᠲᠣᠨ ᠳᠤ ᠬᠥᠷᠪᠡ︔ ᠪᠣᠶᠢᠵᠢᠭᠤᠯᠬᠤ ᠲᠤᠭ᠎ᠠ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠵᠦ᠂ ᠪᠦᠬᠦ ᠤᠯᠤᠰ ᠤᠨ ᠮᠤᠵᠢ ᠶᠢᠨ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠪᠣᠶᠢᠵᠢᠭᠤᠯᠬᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ  ᠨᠢ 3000 ᠶᠢ ᠳᠠᠪᠠᠵᠤ᠂ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠦᠷ᠎ᠡ ᠠᠰᠢᠭ ᠢᠯᠡᠳᠲᠡ ᠴᠢᠩᠭᠠᠷᠠᠪᠠ ᠭᠡᠵᠦ ᠴᠢᠬᠤᠯᠠᠴᠢᠯᠠᠪᠠ᠃      ︽ᠬᠢᠩᠭᠠᠨ ᠠᠶᠢᠮᠠᠭ ᠤᠨ ᠲᠤᠲᠤᠷᠭ᠎ᠠ︾ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠭᠤᠣᠯᠳᠠᠯᠭ᠎ᠠ ᠲᠠᠢ ᠪᠣᠶᠢᠵᠢᠭᠤᠯᠬᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠬᠤᠪᠢ ᠪᠠᠷ ᠲᠣᠰ ᠤᠳᠠᠭᠠᠨ ᠤ ᠨᠠᠷᠠᠲᠤ ᠲᠡᠮᠳᠡᠭᠲᠦ ᠶᠢᠨ ᠰᠢᠨ᠎ᠡ ᠶᠢ ᠡᠭᠦᠳᠬᠦ ᠶᠡᠭᠡ ᠬᠤᠷᠠᠯ ᠳᠤ ᠤᠷᠤᠯᠴᠠᠵᠦ᠂ ᠰᠢᠨ᠎ᠡ ᠶᠢ ᠡᠭᠦᠳᠬᠦ ᠶᠡᠭᠡ ᠬᠤᠷᠠᠯ ᠳᠤ 12 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠦᠵᠡᠭᠦᠯᠭᠡ ᠶᠢᠨ ᠲᠣᠭᠤᠷᠢᠭ ᠢ ᠰᠣᠩᠭᠤᠵᠤ᠂ ᠬᠢᠩᠭᠠᠨ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ  ᠨᠢ ᠲᠡᠭᠦᠨ ᠤ ᠳᠣᠲᠣᠷᠠᠬᠢ ᠨᠢᠭᠡ ᠪᠠᠷ ᠠᠮᠵᠢᠯᠲᠠ ᠲᠠᠢ ᠵᠢᠭᠰᠠᠭᠠᠭᠳᠠᠪᠠ᠃
图片1.jpg
       ᠬᠤᠷᠠᠯ ᠤᠨ ᠬᠤᠭᠤᠴᠠᠭᠠᠨ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠴᠢᠶᠠᠨ ᠺᠧ ᠮᠢᠩ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ ᠤ ᠳᠠᠷᠤᠭ᠎ᠠ ᠲᠠᠩ ᠺᠧ ᠵᠡᠷᠭᠡ ᠤᠳᠤᠷᠢᠳᠤᠯᠭ᠎ᠠ ᠬᠢᠩᠭᠠᠨ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠦᠵᠡᠭᠦᠯᠭᠡ ᠶᠢᠨ ᠲᠣᠭᠤᠷᠢᠭ ᠲᠤ ᠬᠦᠷᠴᠦ ᠲᠣᠭᠤᠷᠢᠨ ᠦᠵᠡᠪᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠪᠠᠷᠢᠮᠵᠢᠶ᠎ᠠ︾ ᠶᠢᠨ ᠲᠥᠷᠥᠯ ᠵᠦᠢᠯ ᠤᠨ ᠠᠬᠠᠯᠠᠭᠴᠢ ᠮᠡᠷᠭᠡᠵᠢᠯᠲᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠰᠤᠳᠤᠯᠭᠠᠨ ᠤ ᠲᠥᠪ ᠤᠨ ᠡᠷᠬᠢᠯᠡᠭᠴᠢ ᠯᠦ ᠵᠢᠤᠸᠠᠨ ᠬᠢᠩᠭᠠᠨ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠦᠵᠡᠭᠦᠯᠭᠡ ᠶᠢᠨ ᠲᠣᠭᠤᠷᠢᠭ ᠲᠤ ᠪᠡᠶ᠎ᠡ ᠪᠠᠷ ᠢᠶᠠᠨ ᠬᠦᠷᠴᠦ ᠲᠤᠬᠠᠢ ᠶᠢᠨ ᠲᠠᠯᠠᠪᠤᠷ ᠲᠤ ᠨᠢ ᠵᠢᠯᠤᠭᠤᠳᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号