ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ
ᠨᠡᠶᠢᠲᠡᠯᠡᠭᠰᠡᠨ ᠴᠠᠭ᠄
2023/5/12
      ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ  ᠢ ᠲᠤᠭᠤᠷᠪᠢᠬᠤ ᠶᠢ ᠬᠠᠷᠢᠭᠤᠴᠠᠵᠤ᠂ ᠵᠢᠷᠤᠮᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠳᠣᠷᠬᠠᠶ ᠱᠠᠭᠠᠷᠳᠠᠭᠰᠠᠨ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ ᠬᠡᠷᠡᠭᠵᠢᠭᠦᠯᠬᠦ ᠴᠢᠬᠤᠯᠠᠲᠠᠶ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠤᠭᠤᠳᠤᠨ᠎ᠠ︔ ᠪᠦᠬᠦ ᠣᠷᠣᠨ ᠤ ᠴᠢᠨᠠᠷᠲᠠᠶ᠂ ᠣᠷᠣᠨ ᠪᠦᠰᠡ ᠠᠯᠤᠰᠯᠠᠭᠰᠠᠨ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠬᠦ ᠪᠠ ᠰᠢᠮᠳᠠᠭᠤᠯᠤᠨ ᠰᠢᠶᠳᠪᠦᠷᠢᠯᠡᠭᠦᠯᠦᠨ᠎ᠡ︔ ᠪᠦᠬᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠲᠤ ᠴᠣᠬᠢᠯᠲᠠ ᠥᠭᠬᠦ᠂ ᠲᠠᠷᠢᠶᠠᠯᠠᠩ ᠮᠠᠯ ᠠᠵᠤ ᠠᠬᠤᠶ ᠳᠠᠬᠢ ᠣᠷᠣᠭᠤᠯᠤᠯᠲᠠ ᠡᠳ᠋ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶ᠎ᠡ ᠴᠠᠷᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠪᠤᠳᠠᠯ ᠳᠤ ᠴᠣᠬᠢᠯᠲᠠ ᠥᠭᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠥᠷᠨᠢᠭᠦᠯᠦᠨ᠎ᠡ︔ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠶᠳᠪᠦᠷᠢᠯᠡᠬᠦ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠨ᠎ᠡ᠃           ᠬᠠᠷᠢᠭᠤᠴᠠᠯᠭᠠᠲᠠᠨ᠄ ᠶᠠᠩ ᠯᠢᠨ ᠯᠢᠨ       ᠬᠠᠷᠢᠯᠴᠠᠬᠤ ᠤᠲᠠᠰᠤ᠄ 0471 - 6651657       ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠠᠰᠠᠷ ᠤᠨ 608 ᠲᠠᠰᠤᠭ       ᠠᠵᠢᠯᠯᠠᠬᠤ ᠴᠠᠭ᠄ 08᠄ 30 - 12᠄ 00    14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号