ᠠᠯᠠᠰᠢᠨ ᠬᠤᠨᠢᠨ ᠤ ᠠᠵᠤ ᠠᠬᠤᠢ ᠶᠢᠨ ᠡᠷᠯᠢᠰᠡᠵᠢᠭᠦᠯᠦᠯᠲᠡ
ᠨᠡᠶᠢᠲᠡᠯᠡᠭᠰᠡᠨ ᠴᠠᠭ᠄
2023/5/13
      ᠥᠪᠥᠷ ᠮᠣᠩᠭᠤᠯ ᠤᠨ ᠬᠤᠨᠢᠨ ᠮᠢᠬᠠᠨ ᠤ ᠭᠠᠷᠤᠯᠲᠠ ᠪᠥᠬᠦ ᠤᠯᠤᠰ ᠲᠤ ᠲᠡᠷᠢᠭᠦᠯᠡᠵᠦ᠂ ᠮᠠᠨ ᠤ ᠤᠯᠤᠰ ᠤᠨ ᠨᠡᠷ᠎ᠡ ᠨᠢᠳᠡᠷ ᠲᠡᠭᠡᠨ ᠨᠡᠶᠢᠴᠡᠭᠰᠡᠨ ︽ᠮᠢᠬᠠᠨ ᠤ ᠬᠥᠮᠥᠷᠭᠡ︾ ᠪᠣᠯᠣᠨ᠎ᠠ᠃ ᠴᠢᠨᠠᠷ ᠰᠠᠶᠢᠲᠠᠢ᠂ ᠭᠠᠷᠤᠯᠲᠠ ᠰᠠᠶᠢᠲᠠᠢ ᠬᠤᠨᠢᠨ ᠮᠢᠬ᠎ᠠ ᠨᠢ ᠪᠣᠬᠢᠷᠲᠤᠯ ᠦᠭᠡᠢ᠂ ᠰᠢᠨᠵᠢᠯᠡᠬᠦ ᠤᠬᠠᠭᠠᠨᠴᠢ᠂ ᠦᠷᠭᠦᠯᠵᠢᠯᠡᠬᠦᠢ ᠠᠯᠠᠰᠢᠨ ᠬᠤᠨᠢᠨ ᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠠᠷᠭ᠎ᠠ  ᠠᠴᠠ ᠰᠠᠯᠵᠤ ᠴᠢᠳᠠᠬᠤ ᠦᠭᠡᠢ ᠶᠤᠮ᠃ ᠠᠯᠠᠰᠢᠨ ᠬᠤᠨᠢᠨ ᠤ ᠠᠵᠤ ᠠᠬᠤᠢ ᠶᠢᠨ ᠡᠷᠯᠢᠰᠡᠵᠢᠭᠦᠯᠦᠯᠲᠡ ᠪᠣᠯ ᠲᠠᠸᠠᠷ ᠤᠨ ᠠᠯᠠᠰᠢᠨ ᠬᠤᠨᠢᠨ ᠤ ᠦᠢᠯᠡᠳᠪᠦᠷᠢᠯᠡᠯ ᠳᠤᠮᠳᠠᠬᠢ ᠡᠭᠦᠯᠳᠡᠷ ᠢ ᠰᠣᠩᠭᠤᠨ ᠪᠣᠶᠢᠵᠢᠭᠤᠯᠬᠤ ᠳᠤ ᠦᠷᠭᠦᠯᠵᠢ ᠬᠡᠷᠡᠭᠯᠡᠳᠡᠭ ᠠᠷᠭ᠎ᠠ ᠶᠢᠨ ᠨᠢᠭᠡ ᠪᠠᠶᠢᠵᠤ ᠂ ᠠᠳᠠᠯᠢ ᠪᠤᠰᠤ ᠡᠭᠦᠯᠳᠡᠷ ᠤᠨ ᠬᠤᠭᠤᠷᠣᠨᠳᠣᠬᠢ ᠡᠷᠯᠢᠰᠡᠵᠢᠭᠦᠯᠦᠯᠲᠡ ᠶᠢᠨ ᠳᠠᠪᠠᠭᠤᠯᠢᠭ ᠢ ᠠᠰᠢᠭᠯᠠᠨ᠂ ᠠᠯᠠᠰᠢᠨ ᠬᠤᠨᠢᠨ ᠤ ᠦᠢᠯᠡᠳᠪᠦᠷᠢᠯᠡᠯ ᠤᠨ ᠬᠢᠷᠢ ᠬᠡᠮᠵᠢᠶ᠎ᠡ ᠪᠠ ᠵᠣᠬᠢᠴᠠᠬᠤ ᠴᠢᠨᠠᠷ ᠢ  ᠳᠡᠭᠡᠭᠰᠢᠯᠡᠭᠦᠯᠵᠦ ᠪᠠᠶᠢᠭ᠎ᠠ ᠶᠠᠪᠤᠳᠠᠯ ᠪᠣᠯᠤᠨ᠎ᠠ᠃ ᠮᠢᠬᠠᠨ ᠤ ᠭᠠᠷᠤᠯᠲᠠ ᠶᠢᠨ ᠲᠠᠯ᠎ᠠ ᠪᠠᠷ ᠂ ᠠᠵᠤ ᠠᠬᠤᠢ ᠶᠢᠨ ᠡᠷᠯᠢᠰᠡᠵᠢᠭᠦᠯᠦᠯᠲᠡ ᠶᠢᠨ ᠬᠠᠷᠢᠴᠠᠯ ᠢᠶᠠᠷ ᠴᠡᠪᠡᠷ ᠡᠭᠦᠯᠳᠡᠷ ᠢ ᠦᠷᠡᠵᠢᠭᠦᠯᠦᠨ ᠪᠣᠶᠢᠵᠢᠭᠤᠯᠪᠠᠯ ᠦᠢᠯᠡᠳᠪᠦᠷᠢᠯᠡᠯ ᠤᠨ ᠦᠷ᠎ᠡ ᠪᠦᠲᠦᠮᠵᠢ ᠶᠢ 30% ~ 50% ᠪᠠᠷ ᠳᠡᠭᠡᠭᠰᠢᠯᠡᠭᠦᠯᠵᠦ ᠪᠣᠯᠣᠨ᠎ᠠ ᠃      ᠨᠢᠭᠡ ᠂ ᠠᠵᠤ ᠠᠬᠤᠢ ᠶᠢᠨ ᠡᠷᠯᠢᠰᠡᠵᠢᠭᠦᠯᠦᠯᠲᠡ ᠶᠢᠨ ᠪᠠᠶᠢᠩᠭᠤ ᠶᠢᠨ ᠵᠠᠭᠪᠤᠷ
  •       1. ᠬᠤᠶᠠᠷ ᠡᠰᠢᠲᠦ ᠡᠷᠯᠢᠰᠡᠵᠢᠭᠦᠯᠦᠯᠲᠡ ᠄ ᠬᠤᠶᠠᠷ ᠡᠭᠦᠯᠳᠡᠷ ᠤᠨ ᠬᠤᠭᠤᠷᠣᠨᠳᠤ ᠡᠷᠯᠢᠰᠡᠵᠢᠭᠦᠯᠦᠭᠰᠡᠨ 
  • ᠬᠤᠶᠠᠷ ᠡᠰᠢᠲᠦ ᠡᠷᠯᠢᠰᠡᠵᠢᠭᠦᠯᠦᠯᠲᠡ ᠂ ᠡᠷᠯᠢᠰᠡᠵᠢᠭᠦᠯᠦᠭᠰᠡᠨ ᠬᠤᠶᠢᠴᠢ ᠦᠶ᠎ᠡ ᠶᠢ ᠴᠥᠮ ᠲᠠᠸᠠᠷ ᠤᠨ
  • ᠦᠢᠯᠡᠳᠪᠦᠷᠢᠯᠡᠯ ᠳᠤ ᠬᠡᠷᠡᠭᠯᠡᠨ᠎ᠡ ᠃ ᠡᠷᠯᠢᠰᠡᠵᠢᠭᠦᠯᠦᠭᠰᠡᠨ ᠬᠤᠶᠢᠴᠢ ᠦᠶ᠎ᠡ ᠶᠢᠨ 100% ᠶᠢᠨ ᠪᠣᠳᠠᠭᠠᠯᠢ ᠪᠡᠶ᠎ᠡ ᠨᠢ
  • ᠪᠦᠷ ᠡᠷᠯᠢᠰᠡ ᠶᠢᠨ ᠳᠠᠪᠠᠭᠤᠯᠢᠭ ᠢᠶᠠᠨ ᠢᠯᠡᠷᠡᠭᠦᠯᠳᠡᠭ ᠃ ᠡᠨᠡ ᠬᠦ ᠡᠷᠯᠢᠰᠡᠵᠢᠭᠦᠯᠦᠯᠲᠡ ᠨᠢ ᠬᠡᠷᠡᠭᠯᠡᠬᠦ ᠳᠤ ᠳᠥᠭᠦᠮ ᠂
  • ᠥᠷᠭᠡᠨ ᠣᠯᠠᠨ ᠮᠠᠯᠴᠢᠨ ᠲᠠᠷᠢᠶᠠᠴᠢᠳ ᠲᠤ ᠲᠣᠬᠢᠷᠠᠨ᠎ᠠ᠃
  •       2. ᠭᠤᠷᠪᠠᠨ ᠡᠰᠢᠲᠦ ᠡᠷᠯᠢᠰᠡᠵᠢᠭᠦᠯᠦᠯᠲᠡ ᠄ ᠲᠤᠬᠠᠶᠢᠯᠠᠪᠠᠯ ᠤᠷᠢᠳ ᠢᠶᠠᠷ ᠬᠤᠶᠠᠷ ᠡᠭᠦᠯᠳᠡᠷ ᠢ  ᠰᠤᠩᠭᠤᠨ
  • ᠡᠷᠯᠢᠰᠡᠵᠢᠭᠦᠯᠵᠦ᠂ ᠦᠷᠡᠵᠢᠯ ᠤᠨ ᠴᠢᠳᠠᠪᠤᠷᠢ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠡᠷᠯᠢᠰᠡᠵᠢᠭᠦᠯᠦᠭᠰᠡᠨ 
  • ᠨᠢᠭᠡᠳᠦᠭᠡᠷ ᠦᠶ᠎ᠡ ᠶᠢᠨ ᠬᠢᠨ ᠢ ᠡᠬᠡ ᠪᠡᠶ᠎ᠡ ᠪᠣᠯᠭᠠᠵᠤ ᠂ ᠳᠠᠷᠠᠭ᠎ᠠ ᠨᠢ ᠬᠤᠶᠠᠳᠤᠭᠠᠷ ᠡᠴᠢᠭᠡ ᠶᠢᠨ ᠡᠭᠦᠯᠳᠡᠷ ᠢᠶᠠᠷ
  • ᠲᠡᠭᠦᠨ ᠲᠠᠢ ᠡᠷᠯᠢᠰᠡᠵᠢᠭᠦᠯᠦᠨ᠎ᠡ ᠂ ᠪᠤᠢ ᠪᠣᠯᠤᠭᠰᠠᠨ ᠬᠤᠶᠢᠴᠢ ᠦᠶ᠎ᠡ ᠶᠢ ᠨᠢ ᠴᠥᠮ ᠲᠠᠸᠠᠷ ᠤᠨ ᠬᠤᠨᠢ ᠪᠣᠯᠭᠠᠨ᠎ᠠ ᠃
  •       ᠬᠤᠶᠠᠷ ᠂ ᠠᠵᠤ ᠠᠬᠤᠢ ᠶᠢᠨ ᠡᠷᠯᠢᠰᠡᠵᠢᠭᠦᠯᠦᠯᠲᠡ ᠶᠢᠨ ᠡᠬᠡ ᠪᠡᠶ᠎ᠡ ᠶᠢᠨ ᠰᠣᠩᠭᠤᠯᠲᠠ
  •       1. ᠲᠤᠭ᠎ᠠ ᠬᠡᠮᠵᠢᠶ᠎ᠡ ᠪᠠᠷ ᠨᠡᠯᠢᠶᠡᠳ ᠤᠯᠠᠨ ᠂ ᠵᠣᠬᠢᠴᠠᠬᠤ ᠴᠢᠨᠠᠷ ᠢᠶᠠᠷ ᠴᠢᠩᠭ᠎ᠠ ᠣᠷᠣᠨ ᠨᠤᠲᠤᠭ ᠤᠨ
  • ᠡᠭᠦᠯᠳᠡᠷ ᠢ ᠰᠣᠩᠭᠤᠨ᠎ᠠ ︔
  •       2. ᠦᠷᠡᠵᠢᠯ ᠤᠨ ᠨᠣᠷᠮ᠎ᠠ ᠪᠠᠷ ᠥᠨᠳᠥᠷ᠂ ᠡᠬᠡ ᠶᠢᠨ ᠴᠢᠨᠠᠷ ᠢᠶᠠᠷ ᠰᠠᠶᠢᠨ᠂ ᠰᠦ ᠰᠢᠭᠦᠷᠡᠭᠦᠯᠬᠦ
  • ᠬᠡᠮᠵᠢᠶ᠎ᠡ ᠪᠠᠷ ᠶᠡᠭᠡ ᠡᠭᠦᠯᠳᠡᠷ ᠢ ᠰᠣᠩᠭᠤᠨ᠎ᠠ︔
  •       3. ᠪᠡᠶ᠎ᠡ ᠰᠠᠶᠢᠲᠠᠢ ᠡᠮ᠎ᠡ ᠬᠤᠨᠢ ᠶᠢ ᠰᠣᠩᠭᠤᠨ᠎ᠠ᠃
  •       ᠮᠠᠨ ᠤ ᠣᠷᠣᠨ ᠤ ᠪᠠᠶᠢᠩᠭᠤ ᠬᠡᠷᠡᠭᠯᠡᠳᠡᠭ ᠡᠬᠡ ᠪᠡᠶ᠎ᠡ ᠶᠢᠨ ᠲᠥᠷᠥᠯ ᠵᠦᠢᠯ᠄
  •       ᠨᠠᠷᠢᠨ ᠰᠡᠭᠦᠯᠲᠦ ᠬᠤᠨᠢ᠄ ᠲᠥᠯᠯᠡᠬᠦ ᠨᠣᠷᠮ᠎ᠠ ᠨᠢ 260% ~ 270% ᠳᠤ ᠬᠦᠷᠴᠦ᠂ ᠬᠤᠷᠢᠵᠤ
  • ᠲᠡᠵᠢᠭᠡᠬᠦ ᠳᠤ ᠲᠣᠬᠢᠷᠠᠨ᠎ᠠ︔
  •       ᠨᠠᠭᠤᠷ ᠤᠨ ᠬᠤᠨᠢ᠄ ᠲᠥᠯᠯᠡᠬᠦ ᠨᠣᠷᠮ᠎ᠠ ᠨᠢ 230% ~ 27% ᠳᠤ ᠬᠦᠷᠴᠦ᠂ ᠬᠠᠰᠢᠶᠠᠯᠠᠨ
  • ᠲᠡᠵᠢᠭᠡᠬᠦ ᠳᠤ ᠲᠣᠬᠢᠷᠠᠨ᠎ᠠ᠂ ᠪᠡᠶ᠎ᠡ ᠶᠢᠨ ᠬᠡᠮᠵᠢᠶ᠎ᠡ ᠨᠢ ᠨᠠᠷᠢᠨ ᠰᠡᠭᠦᠯᠲᠦ ᠬᠤᠨᠢ  ᠠᠴᠠ ᠪᠠᠭ᠎ᠠ᠃
  •       ᠮᠣᠩᠭᠤᠯ ᠬᠤᠨᠢ᠂ ᠰᠥᠨᠢᠳ ᠬᠤᠨᠢ᠂ ᠦᠵᠦᠮᠦᠴᠢᠨ ᠬᠤᠨᠢ᠂ ᠬᠥᠯᠥᠨ ᠪᠤᠶᠢᠷ ᠬᠤᠨᠢ᠄ ᠵᠣᠬᠢᠴᠠᠬᠤ
  • ᠴᠢᠨᠠᠷ ᠢᠶᠠᠷ ᠴᠢᠩᠭ᠎ᠠ᠂ ᠥᠰᠦᠯᠲᠡ ᠪᠤᠶᠢᠵᠢᠯᠲᠠ ᠪᠠᠷ ᠲᠦᠷᠭᠡᠨ᠂ ᠭᠠᠩ ᠬᠠᠭᠰᠠᠷᠠᠭᠠᠨ ᠳᠤ ᠳᠠᠭᠠᠭᠠᠮᠠᠭᠠᠢ᠂
  • ᠬᠦᠢᠲᠡᠨ ᠢ ᠲᠡᠰᠪᠦᠷᠢᠯᠡᠬᠦ ᠴᠢᠳᠠᠪᠤᠷᠢ ᠪᠠᠷ ᠴᠢᠩᠭ᠎ᠠ ᠪᠠᠶᠢᠳᠠᠭ᠃
  •       ᠭᠤᠷᠪᠠ ᠂ ᠠᠵᠤ ᠠᠬᠤᠢ ᠶᠢᠨ ᠡᠷᠯᠢᠰᠡᠵᠢᠭᠦᠯᠦᠯᠲᠡ ᠶᠢᠨ ᠡᠴᠢᠭᠡ ᠪᠡᠶ᠎ᠡ ᠶᠢᠨ ᠰᠣᠩᠭᠤᠯᠲᠠ
  •       1. ᠥᠰᠦᠯᠲᠡ ᠪᠤᠶᠢᠵᠢᠯᠲᠠ ᠲᠦᠷᠭᠡᠨ᠂ ᠦᠷᠡᠵᠢᠯᠲᠡ ᠶᠢᠨ ᠨᠣᠷᠮ᠎ᠠ ᠥᠨᠳᠥᠷ᠂ ᠲᠡᠵᠢᠭᠡᠯ ᠪᠣᠷᠳᠤᠭ᠎ᠠ ᠶᠢᠨ
  • ᠠᠰᠢᠭᠯᠠᠮᠵᠢ ᠥᠨᠳᠥᠷ᠂ ᠬᠡᠩᠬᠦᠳᠡᠭ ᠤᠨ ᠶᠠᠰᠤ ᠴᠢᠨᠠᠷ ᠰᠠᠶᠢᠨ ᠡᠭᠦᠯᠳᠡᠷ ᠢ ᠰᠣᠩᠭᠤᠨ᠎ᠠ︔
  •       2. ᠦᠢᠯᠡᠳᠪᠦᠷᠢᠯᠡᠯ ᠤᠨ ᠴᠢᠳᠠᠪᠬᠢ ᠨᠢ ᠠᠵᠤ ᠠᠬᠤᠢ ᠶᠢᠨ ᠡᠷᠯᠢᠰᠡᠵᠢᠭᠦᠯᠦᠭᠰᠡᠨ ᠲᠦᠷᠦᠯ ᠵᠦᠢᠯ ᠳᠤ
  • ᠲᠣᠬᠢᠷᠠᠨ᠎ᠠ︔
  •       3. ᠵᠣᠬᠢᠴᠠᠬᠤ ᠴᠢᠨᠠᠷ ᠪᠠ ᠦᠷ᠎ᠡ ᠶᠢᠨ ᠬᠤᠨᠢᠨ ᠤ ᠢᠷᠡᠯᠲᠡ ᠳᠤ ᠯᠡ ᠬᠢᠵᠠᠭᠠᠷᠯᠠᠭᠳᠠᠬᠤ ᠦᠭᠡᠢ ᠃
  •       ᠮᠠᠨ ᠤ ᠣᠷᠣᠨ ᠤ ᠪᠠᠶᠢᠩᠭᠤ ᠬᠡᠷᠡᠭᠯᠡᠳᠡᠭ ᠠᠯᠠᠰᠢᠨ ᠬᠤᠨᠢᠨ ᠤ ᠡᠴᠢᠭᠡ ᠪᠡᠶ᠎ᠡ ᠶᠢᠨ ᠡᠭᠦᠯᠳᠡᠷ᠄
  •       ᠳ᠋ᠦ᠋ ᠪᠥᠸᠧ ᠬᠤᠨᠢ᠂ ᠰᠠᠹᠤᠺ ᠬᠤᠨᠢ᠄ ᠨᠡᠶᠢᠲᠡᠯᠢᠭ ᠠᠯᠠᠰᠢᠨ ᠬᠤᠨᠢᠨ ᠤ ᠪᠡᠶ᠎ᠡ ᠬᠡᠯᠪᠡᠷᠢ  ᠲᠠᠢ ᠂ ᠥᠰᠦᠯᠲᠡ
  • ᠪᠤᠶᠢᠵᠢᠯᠲᠠ ᠲᠦᠷᠭᠡᠨ᠂ ᠲᠡᠵᠢᠭᠡᠯ ᠪᠣᠷᠳᠣᠭᠠᠨ ᠤ ᠠᠰᠢᠭᠯᠠᠮᠵᠢ ᠥᠨᠳᠥᠷ᠂ ᠬᠡᠩᠬᠦᠳᠡᠭ ᠤᠨ ᠶᠠᠰᠤ ᠴᠢᠨᠠᠷ ᠰᠠᠶᠢᠨ
  • ᠪᠠᠶᠢᠳᠠᠭ᠃  
  •       ᠭᠧᠷᠮᠠᠨ ᠤ ᠠᠯᠠᠰᠢᠨ ᠳᠤ ᠬᠡᠷᠡᠭᠯᠡᠬᠦ ᠮᠧᠷᠢᠨᠣᠰ ᠬᠤᠨᠢ᠄ ᠪᠡᠶ᠎ᠡ ᠨᠢ ᠲᠣᠮᠣ᠂ ᠥᠰᠦᠯᠲᠡ ᠪᠤᠶᠢᠵᠢᠯᠲᠠ ᠨᠢ
  • ᠲᠦᠷᠭᠡᠨ᠂ ᠦᠷᠡᠵᠢᠯ ᠤᠨ ᠨᠣᠷᠮ᠎ᠠ ᠨᠢ ᠥᠨᠳᠥᠷ᠂ ᠮᠢᠬᠠᠨ ᠤ ᠭᠠᠷᠤᠯᠲᠠ ᠨᠢ ᠥᠨᠳᠥᠷ᠂ ᠨᠣᠣᠰᠣᠨ ᠤ ᠴᠢᠨᠠᠷ ᠨᠢ
  • ᠰᠠᠶᠢᠨ᠃
  •  
  •  
  •  
  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号