︽2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠦᠨᠡᠯᠡᠨ ᠵᠢᠱᠢᠬᠦ ᠶᠠᠷᠢᠯᠴᠠᠬᠤ ᠬᠤᠷᠠᠯ︾ ᠬᠢᠩᠭᠠᠨ ᠠᠶᠢᠮᠠᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2023/5/15
      ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ︾ ᠢ ᠦᠨᠡᠯᠡᠨ ᠵᠢᠱᠢᠬᠦ ᠳᠤᠭᠤᠶᠢᠯᠠᠩ ᠬᠢᠩᠭᠠᠨ ᠠᠶᠢᠮᠠᠭ ᠲᠤ ᠬᠦᠷᠴᠦ 2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠦᠨᠡᠯᠡᠨ ᠵᠢᠱᠢᠵᠦ ᠵᠢᠭᠠᠨ ᠵᠢᠯᠣᠭᠤᠳᠪᠠ᠃ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠰᠢᠩ ᠢᠦᠢ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠦᠢ ᠵᠧᠨ ᠨᠢᠶᠠᠨ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠯᠠᠶᠢᠳ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃      ᠦᠨᠡᠯᠡᠨ ᠵᠢᠱᠢᠬᠦ ᠳᠤᠭᠤᠶᠢᠯᠠᠩ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠢᠬᠦ ᠬᠡᠯᠪᠡᠷᠢ ᠪᠠᠷ ᠦᠨᠡᠯᠡᠨ ᠵᠢᠱᠢᠯᠲᠡ ᠬᠢᠪᠡ᠃ ᠤᠷᠢᠳ ᠬᠤᠵᠢᠳ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠪᠤᠯᠠᠭ ᠤᠨ ᠬᠤᠸᠠ ᠰᠤᠮᠤ ᠶᠢᠨ ᠪᠤᠯᠠᠭ ᠤᠨ ᠬᠤᠸᠠ ᠭᠠᠴᠠᠭ᠎ᠠ ᠶᠢᠨ ᠭᠤᠷᠮᠤᠰᠤᠨ ᠴᠣᠭᠴᠠ ᠶᠢᠨ ᠠᠯᠠᠰᠢᠨ ᠦᠬᠡᠷ ᠬᠥᠮᠥᠨ ᠮᠠᠯ ᠢ ᠰᠠᠯᠭᠠᠭᠰᠠᠨ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠵᠦ᠂ ᠪᠠᠶᠠᠨᠭᠤᠣᠯ ᠤᠨ ᠡᠯ ᠯᠦᠩ ᠱᠠᠨ ᠠᠭᠤᠯᠠᠨ ᠤ ᠤᠯᠠᠨ ᠬᠤᠷᠠᠭ᠎ᠠ ᠢᠰᠢᠭᠡᠨ ᠤ ᠪᠠᠷᠢᠮᠵᠢᠶᠠᠵᠢᠭᠰᠠᠨ ᠠᠮᠢ ᠠᠬᠤᠢ ᠶᠢᠨ ᠮᠠᠯᠵᠢᠯ ᠤᠨ ᠲᠠᠯᠠᠪᠠᠢ᠂ ᠵᠠᠯᠠᠶᠢᠳ ᠬᠤᠰᠢᠭᠤᠨ ᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠲᠣᠭᠠᠴᠢᠯᠠᠭᠰᠠᠨ ᠲᠥᠪ᠂ ᠪᠠᠳᠠᠷᠠᠬᠤ ᠪᠠᠯᠭᠠᠰᠤ ᠶᠢᠨ ᠦᠨᠡᠨᠵᠠᠯᠭ᠎ᠠ ᠭᠤᠣᠯ ᠡᠭᠦᠯᠳᠡᠷ ᠪᠣᠶᠢᠵᠢᠭᠤᠯᠬᠤ ᠲᠠᠯᠠᠪᠠᠢ᠂ ᠪᠠᠳᠠᠷᠠᠬᠤ ᠪᠠᠯᠭᠠᠰᠤ ᠶᠢᠨ ᠥᠲᠥᠲᠡᠢ ᠭᠠᠴᠠᠭ᠎ᠠ ᠶᠢᠨ ᠭᠤᠷᠮᠤᠰᠤᠨ ᠴᠣᠭᠴᠠ ᠶᠢᠨ ᠬᠥᠮᠥᠨ ᠮᠠᠯ ᠢ ᠰᠠᠯᠭᠠᠭᠰᠠᠨ ᠰᠠᠭᠤᠭᠠᠯᠢ ᠠᠷᠠᠳ ᠤᠨ ᠲᠣᠭᠤᠷᠢᠭ ᠲᠤ ᠲᠤᠬᠠᠢ ᠶᠢᠨ ᠲᠠᠯᠠᠪᠠᠢ ᠶᠢᠨ ᠦᠨᠡᠯᠡᠯᠲᠡ ᠬᠢᠵᠡᠢ᠃ ᠲᠤᠬᠠᠢ ᠶᠢᠨ ᠲᠠᠯᠠᠪᠠᠶ ᠶᠢᠨ ᠦᠨᠡᠯᠡᠨ ᠵᠢᠱᠢᠯᠲᠡ ᠳᠠᠭᠤᠰᠤᠭᠰᠠᠨ ᠤ ᠳᠠᠷᠠᠭ᠎ᠠ᠂ 5 ᠰᠠᠷ᠎ᠠ ᠶᠢᠨ 8 ᠤ ᠡᠳᠦᠷ ᠬᠢᠩᠭᠠᠨ ᠠᠶᠢᠮᠠᠭ ᠲᠤ ︽2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠦᠨᠡᠯᠡᠨ ᠵᠢᠱᠢᠬᠦ ᠶᠠᠷᠢᠯᠴᠠᠬᠤ ᠬᠤᠷᠠᠯ︾ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠤᠯᠤᠰ ᠤᠨ ᠬᠥᠭᠵᠢᠭᠦᠯᠦᠯᠲᠡ ᠪᠠ ᠴᠢᠬᠤᠯᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠦᠨᠡᠯᠡᠨ ᠵᠢᠱᠢᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠦᠨᠡᠯᠡᠨ ᠵᠢᠱᠢᠬᠦ ᠳᠤᠭᠤᠶᠢᠯᠠᠩ 5 ᠰᠠᠷ᠎ᠠ ᠶᠢᠨ 8 ᠤ ᠡᠳᠦᠷ ᠬᠢᠩᠭᠠᠨ ᠠᠶᠢᠮᠠᠭ ᠲᠤ ᠲᠥᠷᠥᠯ ᠵᠦᠢᠯ ᠢ ᠦᠨᠡᠯᠡᠨ ᠵᠢᠱᠢᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠢ ᠪᠦᠬᠦ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠦᠷᠳᠡᠭᠡ ᠶᠢᠨ ᠡᠪᠡᠰᠦᠨ ᠤ ᠦᠢᠯᠡᠰ ᠤᠨ ᠭᠠᠵᠠᠷ ᠤᠨ ᠳᠠᠷᠤᠭ᠎ᠠ ᠸᠠᠩ ᠵᠢᠶᠠ ᠲᠢᠩ ᠡᠷᠬᠢᠯᠡᠪᠡ᠃      ᠶᠠᠷᠢᠯᠴᠠᠬᠤ ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ᠂ ᠲᠦᠩᠯᠢᠶᠣᠣ ᠬᠤᠲᠠ ᠶᠢᠨ ᠵᠠᠷᠤᠳ ᠬᠤᠰᠢᠭᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ ᠲᠣᠰ ᠭᠠᠵᠠᠷ ᠣᠷᠣᠨ ᠤ 2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ︔ 2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ  ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠤᠨ ᠦᠨᠡᠯᠡᠨ ᠵᠢᠱᠢᠬᠦ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠪᠠᠷᠠᠭᠤᠨ ᠦᠵᠦᠮᠦᠴᠢᠨ ᠬᠤᠰᠢᠭᠤ᠂ ᠵᠠᠷᠤᠳ ᠬᠤᠰᠢᠭᠤ᠂ ᠵᠠᠯᠠᠶᠢᠳ ᠬᠤᠰᠢᠭᠤᠨ ᠤ 2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠳᠤ ᠲᠥᠪᠯᠡᠷᠡᠩᠭᠦᠢ ᠦᠨᠡᠯᠡᠯᠲᠡ ᠬᠢᠪᠡ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠴᠢᠬᠤᠯᠠ ᠶᠠᠷᠢᠶ᠎ᠠ ᠲᠠᠯᠪᠢᠪᠠ᠃      ᠸᠠᠩ ᠵᠢᠶᠠ ᠲᠢᠩ 2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠦᠭᠰᠡᠨ 3 ᠬᠤᠰᠢᠭᠤᠨ ᠤ ᠬᠢᠭᠰᠡᠨ ᠠᠵᠢᠯ ᠢ ᠭᠦᠢᠴᠡᠳ ᠨᠤᠲᠠᠯᠠᠵᠤ᠂ 3 ᠬᠤᠰᠢᠭᠤᠨ ᠤ ᠬᠢᠨ 2022 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠤᠯᠠᠮ ᠨᠢᠭᠡ ᠠᠯᠬᠤᠮ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠴᠠᠭ ᠲᠤᠬᠠᠢ ᠳᠤᠨᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠬᠡᠷᠡᠭᠲᠡᠢ︔ 2023 ᠣᠨ ᠤ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠬᠢᠨᠠᠮᠠᠭᠠᠢ ᠰᠠᠶᠢᠲᠤᠷ ᠬᠢᠵᠦ᠂ ᠲᠣᠰ ᠭᠠᠵᠠᠷ ᠣᠷᠣᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ ᠬᠢᠩᠭᠠᠨ ᠠᠶᠢᠮᠠᠭ ᠤᠨ ᠳᠡᠳ᠋ ᠳᠠᠷᠤᠭ᠎ᠠ ᠴᠢᠦᠢ ᠵᠧᠨ ᠨᠢᠶᠠᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠯᠢ ᠶᠢᠨ ᠭᠤᠣᠯ ᠠᠶᠢᠮᠠᠭ᠂ ᠲᠦᠩᠯᠢᠶᠣᠣ ᠬᠤᠲᠠ᠂ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ᠂ ᠲᠦᠩᠯᠢᠶᠣᠣ ᠬᠤᠲᠠ ᠶᠢᠨ ᠵᠠᠷᠤᠳ ᠬᠤᠰᠢᠭᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠲᠥᠷᠥᠯ ᠵᠦᠢᠯ ᠢ ᠬᠡᠷᠡᠭᠵᠢᠭᠦᠯᠦᠭᠰᠡᠨ 3 ᠬᠤᠰᠢᠭᠤᠨ ᠤ ᠬᠠᠷᠢᠭᠤᠴᠠᠯᠭᠠᠲᠠᠨ ᠨᠥᠬᠦᠳ ᠪᠠ ᠬᠠᠮᠢᠶ᠎ᠠ ᠪᠦᠬᠦᠢ ᠬᠥᠮᠥᠰ ᠵᠡᠷᠭᠡ 50 ᠭᠠᠷᠤᠢ ᠬᠥᠮᠥᠨ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号