ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/5/16
      5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ᠃ ᠣᠶᠢᠷ᠎ᠠ ᠶᠢᠨ ᠬᠤᠭᠤᠴᠠᠭᠠᠨ ᠤ ᠲᠢᠩᠬᠢᠮ ᠤᠨ ᠰᠢᠰᠲ᠋ᠧᠮ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ︽ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ︾ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠢ ᠡᠷᠬᠢᠯᠡᠪᠡ᠃ 
图片1.jpg
       ᠬᠤᠷᠠᠯ ᠠᠴᠠ᠂ ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠪᠦᠬᠦ ᠲᠢᠩᠬᠢᠮ ᠤᠨ ᠰᠢᠰᠲ᠋ᠧᠮ ᠢᠶᠠᠷ ᠢᠶᠠᠨ ᠤᠨᠤᠯ ᠰᠤᠷᠤᠯᠴᠠᠬᠤ ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ ᠪᠠ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠠᠪᠲᠡᠷᠡᠭᠦᠯᠦᠨ ᠪᠠᠷᠢᠮᠲᠠᠯᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ ᠠᠵᠢᠯ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠶᠠᠪᠤᠭᠳᠠᠵᠤ ᠂ ᠦᠷ᠎ᠡ ᠪᠦᠲᠦᠮᠵᠢ ᠠᠩᠬ᠎ᠠ ᠠᠯᠬᠤᠮ ᠢᠯᠡᠷᠡᠵᠡᠢ᠃ ᠲᠠᠷᠠᠭᠠᠴᠢ ᠶᠢᠨ ᠱᠠᠲᠤᠨ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠲᠣᠭᠲᠠᠭᠰᠠᠨ ᠬᠥᠳᠡᠯᠦᠯ ᠳᠤ ᠲᠥᠷᠥᠯ ᠵᠦᠢᠯ ᠢ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠥᠪᠡᠷ ᠢᠶᠠᠨ ᠰᠣᠩᠭᠤᠭᠰᠠᠨ ᠬᠥᠳᠡᠯᠦᠯ ᠳᠤ ᠬᠢᠯᠠᠰ ᠴᠡᠭ ᠲᠠᠢ ᠪᠠᠶᠢᠬᠤ ᠬᠡᠷᠡᠭᠲᠡᠢ ᠭᠡᠵᠦ ᠵᠢᠠᠭᠠᠵᠦ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠲᠠᠯ᠎ᠠ ᠪᠠᠷ ᠬᠦᠴᠦ ᠣᠷᠣᠭᠤᠯᠤᠨ ᠦᠷ᠎ᠡ ᠪᠦᠲᠦᠮᠵᠢ ᠭᠠᠷᠭᠠᠵᠤ᠂ ᠣᠨᠴᠠᠭᠠᠶᠢᠯᠠᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾  ᠤ ᠠᠵᠢᠯ ᠵᠢᠴᠢ ᠥᠪᠥᠷ ᠮᠣᠩᠭᠤᠯ ᠳᠤ ᠵᠢᠭᠠᠵᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠡᠮᠬᠢᠯᠡᠨ ᠰᠤᠷᠤᠯᠴᠠᠵᠤ᠂ ᠮᠡᠳᠡᠪᠡᠰᠦ ᠵᠣᠬᠢᠬᠤ ᠶᠢ ᠨᠢ ᠪᠦᠬᠦᠨ ᠢ ᠮᠡᠳᠡᠵᠦ᠂ ᠰᠤᠷᠤᠯᠴᠠᠪᠠᠰᠤ ᠵᠣᠬᠢᠬᠤ ᠶᠢ ᠨᠢ ᠪᠦᠬᠦᠨ ᠢ ᠰᠤᠷᠤᠯᠴᠠᠵᠤ᠂ ᠣᠶᠢᠯᠠᠭᠠᠪᠠᠰᠤ ᠵᠣᠬᠢᠬᠤ ᠶᠢ ᠨᠢ ᠪᠦᠬᠦᠨ ᠢ ᠣᠶᠢᠯᠠᠭᠠᠵᠤ᠂ ᠴᠢᠳᠠᠪᠠᠰᠤ ᠵᠣᠬᠢᠬᠤ ᠶᠢ ᠨᠢ ᠪᠦᠬᠦᠨ ᠢ ᠡᠵᠡᠮᠰᠢᠬᠦ ᠪᠠᠷ ᠪᠠᠷᠠᠬᠤ ᠦᠭᠡᠢ᠂ ᠨᠡᠩ ᠴᠤ ᠭᠦᠨᠵᠡᠭᠡᠢ ᠰᠤᠳᠤᠯᠵᠤ᠂ ᠮᠠᠨ ᠤ ᠠᠵᠢᠯ ᠤᠨ ᠦᠢᠯᠡᠳᠦᠯᠭᠡ ᠳᠤᠮᠳᠠ ᠪᠠᠨ ᠠᠭᠤᠰᠤᠭᠤᠯᠬᠤ ᠬᠡᠷᠡᠭᠲᠡᠢ᠃ ᠠᠰᠠᠭᠤᠳᠠᠯ ᠤᠨ ᠨᠠᠷᠢᠨ ᠲᠠᠩᠰᠠ ᠶᠢᠨ ᠶᠣᠰᠣᠭᠠᠷ ᠭᠦᠨᠵᠡᠭᠡᠢ ᠪᠠᠶᠢᠴᠠᠭᠠᠨ ᠳᠡᠯᠭᠡᠵᠦ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠶᠡᠭᠡ ᠰᠡᠳᠦᠪ ᠠᠴᠠ ᠪᠣᠳᠣᠯᠬᠢᠯᠠᠨ᠂ ᠪᠠᠭ᠎ᠠ ᠵᠦᠢᠯ ᠠᠴᠠ ᠭᠠᠷᠳᠠᠵᠤ᠂ ᠬᠡᠷᠡᠭ ᠪᠣᠳᠠᠰ ᠤᠨ ᠭᠤᠣᠯ ᠵᠥᠷᠢᠴᠡᠯ ᠢ ᠠᠳᠬᠤᠵᠤ᠂ ᠪᠣᠳᠠᠲᠠᠢ ᠪᠥᠭᠡᠳ ᠶᠠᠪᠤᠭᠳᠠᠭᠤᠰᠢᠲᠠᠢ ᠰᠢᠢᠳᠪᠦᠷᠢᠯᠡᠬᠦ ᠠᠷᠭ᠎ᠠ ᠶᠢ ᠠᠪᠴᠤ᠂ ᠠᠰᠠᠭᠤᠳᠠᠯ ᠢ ᠢᠯᠡᠷᠡᠭᠦᠯᠬᠦ ᠳᠤ ᠴᠢᠭᠯᠡᠭᠦᠯᠦᠨ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠥᠭᠡᠷᠡᠴᠢᠯᠡᠵᠦ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠤᠶᠠᠯᠳᠤᠯ ᠤᠨ ᠴᠡᠭ ᠢ ᠦᠨᠡᠨᠬᠦ ᠣᠨᠣᠪᠴᠢᠲᠠᠢ ᠣᠯᠵᠤ᠂ ᠲᠤᠬᠠᠶᠢᠯᠠᠭᠰᠠᠨ ᠠᠵᠢᠯ ᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ︽ᠬᠤᠶᠠᠷ ᠲᠠᠯ᠎ᠠ ᠪᠠᠷ ᠰᠢᠢᠳᠪᠦᠷᠢᠯᠡᠬᠦ︾  ᠶᠢ ᠰᠡᠷᠭᠡᠶᠢᠯᠡᠵᠦ᠂ ᠭᠤᠣᠯ ᠰᠡᠳᠦᠪᠲᠦ ᠬᠥᠮᠦᠵᠢᠯ ᠢᠶᠠᠷ ᠮᠠᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠬᠤᠪᠢᠷᠠᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠤᠯᠠᠨ ᠨᠡᠶᠢᠲᠡ ᠶᠢᠨ ᠢᠲᠡᠭᠡᠭᠦᠯᠬᠦ ᠬᠦᠴᠦᠨ᠂ ᠭᠦᠢᠴᠡᠳᠬᠡᠬᠦ ᠬᠦᠴᠦᠨ ᠢᠶᠠᠨ ᠢᠯᠡᠷᠡᠭᠦᠯᠬᠦ ᠬᠡᠷᠡᠭᠲᠡᠢ ᠭᠡᠪᠡ᠃      ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠷᠤᠯᠴᠠᠨ ᠰᠤᠳᠤᠯᠬᠤ ᠬᠡᠷᠡᠭᠲᠡᠢ᠃ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠠᠯ᠎ᠠ ᠪᠠᠷ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠣᠬᠢᠷᠠᠭᠤᠯᠵᠤ᠂ ᠡᠷᠲᠡ ᠠᠴᠠ ᠡᠬᠢᠯᠡᠭᠦᠯᠵᠦ᠂ ᠨᠢᠭᠡ ᠲᠠᠯ᠎ᠠ ᠪᠠᠷ ᠬᠡᠷᠡᠭᠵᠢᠭᠦᠯᠵᠦ ᠪᠣᠯᠬᠤᠶᠢᠴᠠ ᠲᠥᠯᠦᠪᠵᠢᠭᠦᠯᠭᠡ᠂ ᠲᠥᠰᠥᠯ ᠲᠣᠭᠲᠠᠭᠠᠵᠤ᠂ ᠡᠷᠲᠡ ᠠᠴᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠠᠢ ᠵᠣᠯᠭᠠᠭᠤᠯᠵᠤ᠂ ᠨᠦᠭᠦᠭᠡ ᠲᠠᠯ᠎ᠠ ᠪᠠᠷ ᠵᠢᠱᠢᠶ᠎ᠡ ᠦᠵᠡᠭᠦᠯᠬᠦ ᠶᠢ ᠠᠳᠬᠤᠵᠤ ᠂ ᠨᠡᠶᠢᠲᠡᠯᠢᠭ ᠵᠢᠱᠢᠶ᠎ᠡ ᠶᠢ ᠠᠳᠬᠤᠵᠤ᠂ ᠨᠢᠭᠡ ᠪᠦᠯᠦᠭ ᠳᠡᠯᠭᠡᠷᠡᠭᠦᠯᠦᠨ ᠳᠠᠭᠤᠷᠢᠶᠠᠵᠤ ᠪᠣᠯᠬᠤ ᠨᠡᠶᠢᠲᠡᠯᠢᠭ ᠵᠢᠱᠢᠶ᠎ᠡ ᠶᠢᠨ ᠲᠤᠷᠰᠢᠯᠭ᠎ᠠ ᠶᠢᠨ ᠵᠠᠭᠪᠤᠷ ᠢ ᠰᠣᠩᠭᠤᠨ ᠪᠤᠢ ᠪᠣᠯᠭᠠᠬᠤ ᠬᠡᠷᠡᠭᠲᠡᠢ᠃ ᠠᠮᠤ ᠪᠤᠳᠠᠭ᠎ᠠ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠨ ᠰᠢᠯᠭᠠᠯᠲᠠ ᠶᠢᠨ ᠲᠠᠯ᠎ᠠ ᠪᠠᠷ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠢᠨᠠᠨ ᠰᠢᠯᠭᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠬᠦ ᠲᠠᠯ᠎ᠠ ᠪᠠᠷ᠂ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠪᠠᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠠᠴᠠ ᠰᠠᠯᠵᠤ ᠲᠠᠷᠢᠶᠠᠯᠠᠩ ᠮᠠᠯ ᠠᠵᠤ ᠠᠬᠤᠢ ᠶᠢ ᠲᠥᠯᠥᠪᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠤᠶᠠᠯᠳᠤᠯ ᠢ ᠴᠢᠩᠭᠠᠳᠬᠠᠵᠤ᠂ ᠰᠣᠶᠣᠯ ᠤᠨ ᠬᠦᠴᠦᠨ᠂ ᠵᠢᠭᠤᠯᠴᠢᠯᠠᠯ ᠤᠨ ᠬᠦᠴᠦᠨ ᠢ ᠤᠷᠠᠨ ᠢᠶᠠᠷ ᠠᠰᠢᠭᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠮ ᠠᠷᠭ᠎ᠠ ᠪᠠᠷᠢᠯ ᠢ ᠰᠦᠪᠡᠭᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号