ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠠᠪᠤᠳᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠯᠢᠭᠡᠷ ᠡᠳ᠋ ᠠᠪᠬᠤ ᠡᠭᠦᠷᠭᠡ ᠪᠠᠨ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/5/18
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠥᠰᠥᠯ︾ ᠤᠨ ᠮᠡᠳᠡᠭᠳᠡᠯ ︵ᠥᠪᠥᠷ ᠲᠠᠷᠢᠶᠠᠯᠠᠩ ᠮᠠᠯ ᠶᠠᠰᠤ ᠴᠢᠨᠠᠷ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠬᠢᠭᠡᠳ ᠲᠦᠩᠯᠢᠶᠣᠣ ᠬᠤᠲᠠ ᠶᠢᠨ ᠲᠠᠪᠤᠳᠤᠭᠠᠷ ᠰᠠᠷ᠎ᠠ ᠳᠤ ᠰᠤᠭᠤᠴᠢᠨ ᠪᠠᠶᠢᠴᠠᠭᠠᠬᠤ ᠡᠭᠦᠷᠭᠡ ᠶᠢ ᠪᠡᠶᠡᠯᠡᠬᠦᠯᠬᠦ ᠶᠢᠨ ᠲᠦᠯᠦᠭᠡ᠂ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠬᠤᠶᠠᠷ ᠳᠤᠭᠤᠶᠢᠯᠠᠩ ᠪᠠᠶᠢᠴᠠᠭᠠᠨ ᠰᠢᠯᠭᠠᠬᠤ ᠠᠵᠢᠯᠲᠠᠨ ᠲᠣᠮᠢᠯᠠᠵᠤ᠂ ᠲᠣᠰ ᠲᠣᠰ ᠲᠠᠪᠤᠨ ᠰᠠᠷ᠎ᠠ ᠶᠢᠨ ᠨᠢᠭᠡᠨ ᠤ ᠪᠠᠶᠠᠷ ᠤᠨ ᠤᠷᠢᠳ ᠬᠤᠵᠢᠳ 18 ᠡᠳᠦᠷ ᠤᠨ ᠬᠤᠭᠤᠴᠠᠭ᠎ᠠ ᠶᠢ ᠬᠡᠷᠡᠭᠯᠡᠵᠦ᠂ ᠬᠤᠶᠠᠷ ᠠᠶᠢᠮᠠᠭ ᠬᠤᠲᠠ ᠳᠤ ᠬᠦᠷᠴᠦ ᠵᠤᠷᠰᠢᠯ ᠶᠣᠰᠣᠭᠠᠷ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠡᠭᠦᠷᠭᠡ ᠶᠢ ᠥᠷᠨᠢᠭᠦᠯᠪᠡ᠃      ᠬᠢᠩᠭᠠᠨ ᠠᠶᠢᠮᠠᠭ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠨᠢ ᠤᠯᠠᠭᠠᠨᠬᠤᠲᠠ᠂ ᠲᠦᠴᠢᠦᠸᠠᠨ ᠰᠢᠶᠠᠨ᠂ ᠵᠠᠯᠠᠶᠢᠳ ᠬᠤᠰᠢᠭᠤ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠳᠥᠷᠪᠡᠨ ᠬᠤᠰᠢᠭᠤ ᠬᠤᠲᠠ ᠶᠢᠨ ᠲᠣᠭᠤᠷᠢᠭ ᠢ ᠬᠠᠮᠤᠷᠴᠤ᠂ ᠨᠡᠶᠢᠲᠡ 65 ᠪᠦᠯᠦᠭ ᠤᠳᠠᠭ᠎ᠠ ᠶᠢ ᠰᠤᠭᠤᠴᠢᠨ ᠠᠪᠴᠤ᠂ ᠡᠭᠦᠨ ᠳᠤ ᠲᠠᠷᠢᠶᠠᠯᠠᠩ ᠤᠨ ᠪᠦᠲᠦᠭᠡᠭᠳᠡᠬᠦᠨ ᠢ 31 ᠪᠦᠯᠦᠭ ᠤᠳᠠᠭ᠎ᠠ᠂ ᠮᠠᠯ ᠵᠢᠭᠦᠷᠲᠡᠨ ᠤ ᠪᠦᠲᠦᠭᠡᠭᠳᠡᠬᠦᠨ ᠢ 34 ᠪᠦᠯᠦᠭ ᠤᠳᠠᠭ᠎ᠠ ᠪᠠᠷ ᠰᠤᠭᠤᠴᠢᠨ ᠪᠠᠶᠢᠴᠠᠭᠠᠵᠠᠢ᠃      ᠲᠦᠩᠯᠢᠶᠣᠣ ᠬᠤᠲᠠ ᠶᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠳᠤ᠄ ᠬᠤᠷᠴᠢᠨ ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠺᠠᠶᠢᠯᠤ ᠰᠢᠶᠠᠨ᠂ ᠨᠠᠢᠮᠠᠨ ᠬᠤᠰᠢᠭᠤ᠂ ᠬᠦᠷᠢᠶ᠎ᠡ ᠬᠤᠰᠢᠭᠤ᠂ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠵᠢᠴᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠡᠷᠭᠡ ᠶᠢᠰᠦᠨ ᠬᠤᠰᠢᠭᠤ ᠰᠢᠶᠠᠨ ᠲᠣᠭᠤᠷᠢᠭ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠡᠶᠢᠲᠡ 141 ᠪᠦᠯᠦᠭ ᠥᠯᠢᠭᠡᠷ ᠡᠳ᠋ ᠢ ᠰᠤᠭᠤᠴᠢᠨ ᠠᠪᠴᠤ᠂ ᠡᠭᠦᠨ ᠳᠤ ᠲᠠᠷᠢᠶᠠᠯᠠᠩ ᠤᠨ ᠪᠦᠲᠦᠭᠡᠭᠳᠡᠬᠦᠨ 60 ᠪᠦᠯᠦᠭ ᠤᠳᠠᠭ᠎ᠠ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ 81 ᠪᠦᠯᠦᠭ ᠤᠳᠠᠭ᠎ᠠ ᠪᠠᠶᠢᠵᠤ᠂ ᠲᠠᠪᠤᠳᠤᠭᠠᠷ ᠰᠠᠷ᠎ᠠ ᠶᠢᠨ ᠥᠪᠡᠷᠲᠡᠭᠡᠨ ᠵᠠᠰᠠᠬᠤ ᠣᠷᠣᠨ ᠤ ᠬᠠᠷᠢᠯᠴᠠᠨ ᠪᠠᠶᠢᠴᠠᠭᠠᠬᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠤᠨ ᠡᠭᠦᠷᠭᠡ ᠶᠢ ᠤᠷᠤᠭᠰᠢᠲᠠᠢ ᠪᠡᠶᠡᠯᠡᠭᠦᠯᠪᠡ᠃      ᠥᠯᠢᠭᠡᠷ ᠡᠳ᠋ ᠠᠪᠬᠤ ᠶᠠᠪᠤᠴᠠ ᠳᠤ᠂ ᠬᠤᠶᠠᠷ ᠠᠶᠢᠮᠠᠭ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠤᠨ ᠬᠠᠤᠯᠢ ᠬᠡᠷᠡᠭᠵᠢᠭᠦᠯᠬᠦ ᠠᠵᠢᠯᠲᠠᠨ ᠲᠣᠭᠲᠠᠭᠠᠯ ᠶᠣᠰᠣᠭᠠᠷ ᠬᠤᠪᠴᠠᠰᠤᠯᠠᠬᠤ ᠶᠢᠨ ᠬᠠᠮᠲᠤ ᠪᠥᠬᠦ ᠶᠠᠪᠤᠴᠠ ᠳᠤ ᠬᠠᠤᠯᠢ ᠬᠡᠷᠡᠭᠵᠢᠭᠦᠯᠬᠦ ᠲᠡᠮᠳᠡᠭᠯᠡᠭᠦᠷ ᠲᠣᠬᠢᠷᠠᠭᠤᠯᠵᠤ᠂ ᠥᠯᠢᠭᠡᠷ ᠡᠳ᠋ ᠠᠪᠬᠤ ᠠᠵᠢᠯ ᠤᠨ ᠳᠤᠮᠳᠠᠬᠢ ᠪᠠᠶᠢᠴᠠᠭᠠᠨ ᠰᠢᠯᠭᠠᠬᠤ ᠠᠵᠢᠯᠲᠠᠨ ᠤ ᠲᠠᠰ ᠳᠠᠷᠠᠭᠠᠯᠠᠯ ᠨᠢ ᠴᠢᠩᠭ᠎ᠠ ᠨᠢᠮᠪᠠᠢ᠂ ᠬᠠᠤᠯᠢ ᠳᠤ ᠨᠡᠶᠢᠴᠡᠭᠰᠡᠨ ᠪᠦᠭᠡᠳ ᠥᠯᠢᠭᠡᠷ ᠡᠳ᠋ ᠠᠪᠤᠭᠤᠯᠤᠭᠰᠠᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠲᠤ ᠪᠠᠲᠤᠯᠠᠭ᠎ᠠ ᠬᠠᠩᠭᠠᠭᠰᠠᠨ ᠪᠠᠶᠢᠨ᠎ᠠ᠃      ᠰᠤᠭᠤᠴᠢᠨ ᠠᠪᠤᠭᠰᠠᠨ ᠥᠯᠢᠭᠡᠷ ᠡᠳ᠋  ᠨᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠪᠠᠶᠢᠴᠠᠭᠠᠨ ᠰᠢᠯᠭᠠᠬᠤ ᠲᠠᠰᠤᠭ ᠲᠤ ᠬᠦᠷᠦᠭᠰᠡᠨ ᠤ ᠳᠠᠷᠠᠭ᠎ᠠ᠂ ᠮᠡᠷᠭᠡᠵᠢᠯᠲᠡᠳ ᠪᠠᠶᠢᠴᠠᠭᠠᠨ ᠰᠢᠯᠭᠠᠬᠤ ᠠᠵᠢᠯ ᠢ ᠲᠡᠷᠡ ᠳᠠᠷᠤᠢ ᠳᠤᠨᠢ ᠥᠷᠨᠢᠭᠦᠯᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠶᠢᠨ ᠬᠠᠮᠲᠤ ᠲᠤᠭ᠎ᠠ ᠪᠠᠷᠢᠮᠲᠠ ᠪᠠᠨ ᠴᠠᠭ ᠲᠤᠬᠠᠢ  ᠳᠤᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠪᠡ᠃
图片1.jpg
图片2.jpg
图片3.jpg
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号