︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠨ ᠤ ᠦᠢᠯᠡᠰ ᠢ ᠬᠦᠭᠵᠢᠭᠦᠯᠦᠨ ᠮᠠᠨᠳᠤᠭᠤᠯᠬᠤ | ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠪᠣᠯᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ᠂ ᠠᠳᠤᠭᠤᠨ ᠤ ᠡᠭᠦᠯᠳᠡᠷ ᠪᠣᠶᠢᠵᠢᠭᠤᠯᠬᠤ | ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠦᠨᠡᠯᠡᠯᠲᠡ ᠵᠢᠴᠢ ᠱᠠᠩᠨᠠᠬᠤ ᠠᠷᠭ᠎ᠠ︾ ᠶᠢ | ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ | ᠭᠠᠵᠠᠷ ᠲᠤ ᠨᠠᠶᠢᠳᠠᠵᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ 2022 ᠣᠨ ᠤ 2 ᠰᠠᠷ᠎ᠠ ᠶᠢᠨ 15 ᠤ | ᠡᠳᠦᠷ ᠠᠴᠠ 12 ᠰᠠᠷ᠎ᠠ ᠶᠢᠨ 2 ᠤᠨ ᠡᠳᠦᠷ ᠪᠣᠯᠲᠠᠯ᠎ᠠ᠂ ᠲᠠᠪᠤᠨ ᠰᠠᠭᠠᠯᠢ ᠶᠢᠨ ᠦᠨᠢᠶ᠎ᠡ ᠶᠢᠨ ᠡᠭᠦᠯᠳᠡᠷ | ᠪᠣᠶᠢᠵᠢᠭᠤᠯᠬᠤ ᠠᠵᠤ ᠠᠬᠤᠶᠢᠯᠠᠯ ᠤᠨ 2021 ᠣᠨ ᠤ ᠡᠭᠦᠯᠳᠡᠷ ᠪᠣᠶᠢᠵᠢᠭᠤᠯᠬᠤ ᠴᠢᠳᠠᠪᠤᠷᠢ ᠳᠤ ᠶᠡᠷᠦᠩᠬᠡᠶᠢᠯᠡᠭᠰᠡᠨ | ᠦᠨᠡᠯᠡᠯᠲᠡ ᠬᠢᠵᠦ᠂ ᠡᠳᠦᠭᠡ ᠦᠷ᠎ᠡ ᠳ᠋ᠦᠩ ᠢ ᠢᠯᠡ ᠨᠡᠶᠢᠲᠡᠯᠡᠪᠡ ︵ᠳᠠᠭᠠᠯᠳᠤᠭᠤᠯᠤᠯ ᠳᠤ ᠦᠵᠡᠭᠡᠷᠡᠢ︶᠃ | ᠢᠯᠡ ᠨᠡᠶᠢᠲᠡᠯᠡᠬᠦ ᠬᠤᠭᠤᠴᠠᠭ᠎ᠠ ᠨᠢ ᠄ 2023 ᠣᠨ ᠤ 5 ᠰᠠᠷ᠎ᠠ ᠶᠢᠨ 19 ᠤ ᠡᠳᠦᠷ ᠠᠴᠠ 2023 | ᠣᠨ ᠤ 5 ᠰᠠᠷ᠎ᠠ ᠶᠢᠨ 26 ᠤ ᠡᠳᠦᠷ ᠪᠣᠯᠲᠠᠯ᠎ᠠ᠃ | ᠢᠯᠡ ᠨᠡᠶᠢᠲᠡᠯᠡᠬᠦ ᠬᠤᠭᠤᠴᠠᠭᠠᠨ ᠳᠤ᠂ ᠢᠯᠡ ᠨᠡᠶᠢᠲᠡᠯᠡᠭᠰᠡᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ | ᠲᠥᠪ ᠤᠨ ᠰᠦᠨ ᠤ ᠦᠢᠯᠡᠰ ᠤᠨ ᠮᠡᠷᠭᠡᠵᠢᠯ ᠤᠨ ᠭᠠᠵᠠᠷ ᠲᠤ ᠳᠤᠰᠬᠠᠭᠠᠷᠠᠢ᠃ | ᠬᠠᠷᠢᠯᠴᠠᠬᠤ ᠬᠥᠮᠥᠨ᠄ ᠯᠢᠦ ᠶᠦᠨ ᠫᠧᠩ᠂ ᠤᠲᠠᠰᠤ᠄ 13514719751 | ᠳᠠᠭᠠᠯᠳᠤᠭᠤᠯᠤᠯ᠄ ᠪᠥᠬᠦ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ | ᠠᠬᠤᠶᠢᠯᠠᠯ ᠤᠨ 2021 ᠣᠨ ᠤ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠦᠨᠡᠯᠡᠯᠲᠡ ᠶᠢᠨ ᠦᠷ᠎ᠡ ᠳ᠋ᠦᠩ ᠤᠨ | ᠬᠦᠰᠦᠨᠦᠭᠲᠦ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 5 ᠰᠠᠷ᠎ᠠ ᠶᠢᠨ 17 ᠤᠨ ᠡᠳᠦᠷ |