ᠡᠮ᠎ᠡ ᠬᠤᠨᠢᠨ ᠤ ᠠᠷᠠᠴᠢᠯᠠᠯᠲᠠ ᠬᠠᠮᠢᠶᠠᠷᠤᠯᠲᠠ
ᠨᠡᠶᠢᠲᠡᠯᠡᠭᠰᠡᠨ ᠴᠠᠭ᠄
2023/5/19
      ᠨᠢᠭᠡ᠂ ᠬᠡᠭᠡᠯᠲᠦᠭᠦᠯᠭᠡ ᠶᠢᠨ ᠡᠮᠦᠨᠡᠬᠢ ᠬᠤᠭᠤᠴᠠᠭᠠᠨ ᠤ ᠠᠷᠠᠴᠢᠯᠠᠭ᠎ᠠ᠃ ᠡᠮ᠎ᠡ ᠬᠤᠨᠢ ᠶᠢ ᠬᠡᠭᠡᠯᠲᠦᠭᠦᠯᠬᠦ ᠠᠴᠠ ᠡᠮᠦᠨ᠎ᠡ ᠨᠢᠭᠡ ᠰᠠᠷ᠎ᠠ ᠣᠷᠴᠢᠮ ᠤᠨ ᠬᠤᠭᠤᠴᠠᠭᠠᠨ ᠳᠤ ᠡᠮ᠎ᠡ ᠬᠤᠨᠢᠨ ᠤ ᠲᠡᠵᠢᠭᠡᠯᠭᠡ ᠶᠢ ᠴᠢᠩᠭᠠᠳᠬᠠᠵᠤ᠂ ᠰᠢᠮ᠎ᠡ ᠲᠡᠵᠢᠭᠡᠯ ᠢ ᠨᠡᠮᠡᠭᠳᠡᠭᠦᠯᠦᠨ᠂ ᠪᠡᠶ᠎ᠡ ᠶᠢᠨ ᠪᠠᠶᠢᠳᠠᠯ ᠢ ᠳᠡᠭᠡᠭᠰᠢᠯᠡᠭᠦᠯᠵᠦ᠂ ᠬᠡᠭᠡᠯᠢ ᠲᠠᠢ ᠬᠤᠭᠤᠴᠠᠭᠠᠨ ᠳᠠᠬᠢ ᠰᠢᠮ᠎ᠡ ᠲᠡᠵᠢᠭᠡᠯ ᠢ ᠭᠦᠢᠴᠡᠳ ᠬᠠᠳᠠᠭᠠᠯᠠᠬᠤ ᠬᠡᠷᠡᠭᠲᠡᠢ᠃ ᠰᠤᠳᠤᠯᠭᠠᠨ ᠠᠴᠠ ᠦᠵᠡᠪᠡᠯ᠂ ᠡᠮ᠎ᠡ ᠬᠤᠨᠢ ᠶᠢ ᠬᠡᠭᠡᠯᠲᠦᠭᠦᠯᠬᠦ ᠠᠴᠠ ᠡᠮᠦᠨ᠎ᠡ ᠪᠡᠶ᠎ᠡ ᠶᠢᠨ ᠬᠦᠨᠳᠦ ᠨᠢ 1kg ᠨᠡᠮᠡᠭᠳᠡᠬᠦ ᠪᠦᠷᠢ ᠲᠥᠯᠯᠡᠬᠦ ᠨᠣᠷᠮ᠎ᠠ ᠨᠢ 2.1% ᠪᠠᠷ ᠨᠡᠮᠡᠭᠳᠡᠨ᠎ᠡ᠃ ᠪᠡᠶ᠎ᠡ ᠶᠢᠨ ᠪᠠᠶᠢᠳᠠᠯ ᠢᠶᠠᠷ ᠠᠨᠠᠢ ᠬᠤᠨᠢᠨ ᠳᠤ ᠣᠬᠤᠷ ᠬᠤᠭᠤᠴᠠᠭᠠᠨ ᠤ ᠰᠠᠶᠢᠨ ᠪᠣᠷᠳᠤᠭ᠎ᠠ ᠥᠭᠴᠦ᠂ ᠨᠠᠷᠢᠯᠢᠭ ᠪᠣᠷᠳᠤᠭ᠎ᠠ ᠢᠯᠡᠭᠦᠬᠡᠨ ᠨᠥᠬᠦᠪᠦᠷᠢᠯᠡᠬᠦ ᠬᠡᠷᠡᠭᠲᠡᠢ᠃ ᠬᠡᠭᠡᠯᠲᠦᠭᠦᠯᠬᠦ ᠠᠴᠠ 2 ~ 3 ᠭᠠᠷᠠᠭ ᠤᠨ ᠡᠮᠦᠨ᠎ᠡ᠂ ᠬᠥᠬᠡ ᠬᠠᠭᠤᠷᠠᠢ ᠡᠪᠡᠰᠦ ᠠᠴᠠ ᠭᠠᠳᠠᠨ᠎ᠠ᠂ ᠡᠳᠦᠷ ᠪᠦᠷᠢ ᠬᠤᠯᠢᠮᠠᠭ ᠨᠠᠷᠢᠯᠢᠭ ᠪᠣᠷᠳᠤᠭ᠎ᠠ ᠶᠢ 0.2kg ᠨᠥᠬᠦᠵᠦ ᠲᠡᠵᠢᠭᠡᠪᠡᠯ ᠢᠯᠡᠷᠬᠡᠢ ᠣᠷᠤᠭ᠎ᠠ ᠣᠷᠣᠭᠤᠯᠬᠤ ᠦᠢᠯᠡᠳᠦᠯ ᠲᠠᠢ ᠪᠠᠶᠢᠵᠤ᠂ ᠡᠮ᠎ᠡ ᠬᠤᠨᠢᠨ ᠤ ᠵᠢᠭᠳᠡ ᠣᠷᠤᠭ᠎ᠠ ᠣᠷᠣᠬᠤ ᠶᠢ ᠠᠬᠢᠭᠤᠯᠤᠨ᠎ᠠ᠃      ᠬᠤᠶᠠᠷ᠂  ᠬᠡᠭᠡᠯ  ᠲᠠᠢ ᠬᠤᠭᠤᠴᠠᠭᠠᠨ ᠳᠠᠬᠢ ᠠᠷᠠᠴᠢᠯᠠᠭ᠎ᠠ᠃ ᠬᠤᠨᠢᠨ ᠤ ᠬᠡᠭᠡᠭᠡᠯᠢ ᠲᠠᠢ ᠬᠤᠭᠤᠴᠠᠭ᠎ᠠ ᠨᠢ ᠶᠡᠷᠦ ᠳᠡᠭᠡᠨ 150 ᠡᠳᠦᠷ ᠪᠠᠶᠢᠳᠠᠭ᠃  ᠬᠡᠭᠡᠯ  ᠲᠠᠢ ᠬᠤᠭᠤᠴᠠᠭᠠᠨ ᠤ ᠡᠮᠦᠨ᠎ᠡ 3 ᠰᠠᠷ᠎ᠠ ᠳᠤ᠂ ᠬᠦᠪᠦᠷᠡᠯ ᠤᠨ ᠪᠤᠶᠢᠵᠢᠯᠲᠠ ᠨᠢ ᠤᠳᠠᠭᠠᠨ᠂ ᠰᠢᠮ᠎ᠡ ᠲᠡᠵᠢᠭᠡᠯ ᠤᠨ ᠪᠣᠳᠠᠰ ᠢ ᠬᠡᠷᠡᠭᠰᠡᠬᠦ ᠨᠢ ᠪᠠᠭ᠎ᠠ᠂ ᠵᠥᠪᠬᠡᠨ ᠭᠦᠢᠴᠡᠳ ᠬᠡᠮᠵᠢᠶᠡᠨ ᠤ ᠬᠥᠬᠡ ᠡᠪᠡᠰᠦ ᠥᠭᠴᠦ᠂ ᠵᠣᠬᠢᠬᠤ ᠬᠡᠮᠵᠢᠶᠡᠨ ᠤ ᠲᠡᠵᠢᠭᠡᠯ ᠨᠥᠬᠦᠪᠦᠷᠢᠯᠡᠪᠡᠯ ᠪᠣᠯᠴᠢᠬᠠᠨ᠎ᠠ ︵ᠡᠳᠦᠷ ᠲᠤ 0.1kg ᠨᠠᠷᠢᠯᠢᠭ ᠪᠣᠷᠳᠤᠭ᠎ᠠ︶᠃ ᠡᠨᠡ ᠬᠦ ᠱᠠᠲᠤᠨ ᠤ ᠬᠠᠮᠢᠶᠠᠷᠤᠯᠲᠠ ᠶᠢᠨ ᠭᠤᠣᠯᠳᠠᠯᠭ᠎ᠠ ᠨᠢ  ᠬᠡᠭᠡᠯ ᠲᠤᠭᠲᠠᠭᠠᠬᠤ ᠶᠢ ᠠᠩᠬᠠᠷᠴᠤ᠂ ᠬᠥᠬᠡ ᠡᠪᠡᠰᠦ ᠶᠢᠨ ᠰᠢᠨ᠎ᠡ ᠰᠣᠷᠭᠤᠭ ᠰᠢᠩᠭᠡᠭᠡᠬᠦ ᠳᠤ ᠠᠮᠠᠷᠬᠠᠨ ᠪᠠᠶᠢᠬᠤ ᠂ ᠤᠰᠤ ᠤᠮᠳᠠ ᠶᠢᠨ ᠠᠷᠢᠭᠤᠨ ᠴᠡᠪᠡᠷ ᠪᠠᠶᠢᠬᠤ ᠶᠢ ᠪᠠᠲᠤᠯᠠᠵᠤ᠂ ᠬᠤᠨᠢᠨ ᠤ ᠦᠷᠭᠦᠵᠦ ᠲᠦᠷᠭᠡᠨ ᠭᠦᠶᠦᠬᠦ ᠠᠴᠠ ᠵᠠᠶᠢᠯᠠᠰᠬᠢᠵᠦ᠂ ᠡᠷᠲᠡ ᠦᠶ᠎ᠡ ᠳᠤ ᠤᠷᠤᠭ ᠤᠨᠠᠭᠠᠬᠤ ᠠᠴᠠ ᠰᠡᠷᠭᠡᠶᠢᠯᠡᠨ᠎ᠡ᠃ ᠵᠢᠷᠮᠦᠰᠦᠨ ᠤ ᠰᠡᠭᠦᠯᠴᠢ ᠶᠢᠨ ᠬᠤᠶᠠᠷ ᠰᠠᠷ᠎ᠠ ᠶᠢᠨ ᠳᠣᠲᠣᠷ᠎ᠠ ᠬᠡᠦᠬᠡᠢ ᠲᠦᠷᠭᠡᠨ ᠪᠣᠶᠢᠵᠢᠵᠤ᠂ 90% ᠶᠢᠨ ᠪᠡᠶ᠎ᠡ ᠶᠢᠨ ᠬᠦᠨᠳᠦ ᠲᠠᠢ ᠬᠤᠷᠠᠭ᠎ᠠ ᠢᠰᠢᠭᠡ ᠨᠢ ᠡᠨᠡ ᠬᠦ ᠬᠤᠭᠤᠴᠠᠭᠠᠨ ᠳᠤ ᠪᠣᠢ ᠪᠣᠯᠤᠭᠰᠠᠨ ᠶᠤᠮ᠃ ᠡᠶᠢᠮᠦ ᠠᠴᠠ ᠡᠮ᠎ᠡ ᠬᠤᠨᠢᠨ ᠤ ᠬᠡᠭᠡᠯ ᠲᠣᠭᠲᠠᠭᠠᠳ 3 ᠰᠠᠷ᠎ᠠ ᠪᠣᠯᠤᠭᠰᠠᠨ ᠠᠴᠠ ᠡᠬᠢᠯᠡᠨ ᠡᠷᠬᠡᠪᠰᠢ ᠤᠭᠤᠷᠠᠭ᠂ ᠡᠷᠦᠳᠡᠰᠦ᠂ ᠪᠢᠴᠢᠯ ᠡᠯᠧᠮᠧᠨ᠋ᠲ ᠵᠢᠴᠢ ᠸᠢᠲ᠋ᠠᠮᠢᠨ ᠤ ᠨᠥᠬᠦᠪᠦᠷᠢ ᠶᠢ ᠴᠢᠩᠭᠠᠳᠬᠠᠵᠤ᠂ ᠬᠤᠨᠤᠭ ᠤᠨ ᠲᠡᠵᠢᠭᠡᠯ ᠳᠤ ᠪᠤᠷᠴᠠᠭ ᠤᠨ ᠰᠢᠭᠠᠷᠤ᠂ ᠬᠢᠰᠤᠭ᠎ᠠ ᠶᠢᠨ ᠨᠤᠨᠳᠠᠭ᠂ ᠬᠤ᠋ ᠯᠤᠤᠪᠠᠩ ᠵᠢᠴᠢ ᠡᠯ᠎ᠡ ᠵᠦᠢᠯ ᠤᠨ ᠨᠣᠭᠤᠭᠠᠨ ᠪᠣᠷᠳᠤᠭ᠎ᠠ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠬᠦᠪᠦᠷᠡᠯ ᠤᠨ ᠬᠡᠦᠬᠡᠳ ᠤᠨ ᠬᠡᠪ ᠤᠨ ᠪᠤᠶᠢᠵᠢᠯᠲᠠ ᠪᠠ ᠡᠷᠡᠭᠦᠯ ᠴᠢᠭᠢᠷᠠᠭ ᠢ ᠪᠠᠲᠤᠯᠠᠨ᠎ᠠ᠃ ᠡᠨᠡ ᠬᠦ ᠱᠠᠲᠤᠨ ᠤ ᠬᠠᠮᠢᠶᠠᠷᠤᠯᠲᠠ ᠶᠢᠨ ᠭᠤᠣᠯᠳᠠᠯᠭ᠎ᠠ ᠨᠢ ᠬᠡᠦᠬᠡᠢ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠯᠠᠪᠳᠠᠭᠤᠨ ᠪᠠᠶᠢᠯᠭᠠᠬᠤ ᠶᠠᠪᠤᠳᠠᠯ ᠢ ᠴᠢᠩᠭ᠎ᠠ ᠠᠳᠬᠤᠬᠤ ᠶᠠᠪᠤᠳᠠᠯ ᠪᠣᠯᠣᠨ᠎ᠠ᠃ ᠬᠠᠷᠢᠯᠴᠠᠨ ᠰᠢᠬᠠᠯᠴᠠᠵᠤ ᠮᠥᠷᠭᠦᠯᠳᠦᠬᠦ᠂ ᠮᠥᠰᠥ ᠲᠠᠢ ᠤᠰᠤ ᠤᠤᠭᠤᠬᠤ᠂ ᠸᠠᠯᠠᠭᠰᠠᠨ ᠲᠡᠵᠢᠭᠡᠯ ᠪᠣᠷᠳᠤᠭ᠎ᠠ ᠲᠡᠵᠢᠭᠡᠬᠦ ᠵᠡᠷᠭᠡ ᠠᠴᠠ ᠪᠣᠯᠵᠤ  ᠬᠡᠭᠡᠯ ᠬᠠᠶᠠᠬᠤ ᠠᠴᠠᠵᠠᠶᠢᠯᠠᠰᠬᠢᠨ᠎ᠡ᠃      ᠭᠤᠷᠪᠠ᠂ ᠬᠥᠬᠦᠭᠦᠯᠬᠦ ᠬᠤᠭᠤᠴᠠᠭᠠᠨ ᠤ ᠠᠷᠠᠴᠢᠯᠠᠭ᠎ᠠ᠃ ᠬᠥᠬᠦᠭᠦᠯᠬᠦ ᠡᠬᠢᠨ ᠤ ᠬᠤᠭᠤᠴᠠᠭ᠎ᠠ ᠪᠠᠷᠤᠭ 2 ᠰᠠᠷ᠎ᠠ᠃ ᠡᠨᠡ ᠬᠦ ᠬᠤᠭᠤᠴᠠᠭᠠᠨ ᠳᠠᠬᠢ  ᠬᠤᠷᠠᠭ᠎ᠠ ᠢᠰᠢᠭᠡᠨ ᠤ ᠰᠢᠮ᠎ᠡ ᠲᠡᠵᠢᠭᠡᠯ ᠨᠢ ᠭᠤᠣᠯᠳᠠᠭᠤ ᠡᠬᠡ ᠶᠢᠨ ᠰᠦ ᠠᠴᠠ ᠢᠷᠡᠯᠲᠡ ᠲᠠᠢ᠃ ᠰᠤᠳᠤᠯᠭᠠᠨ ᠢ ᠦᠨᠳᠦᠰᠦᠯᠡᠪᠡᠯ᠂ ᠬᠤᠷᠠᠭ᠎ᠠ ᠢᠰᠢᠭᠡᠨ ᠤ ᠥᠰᠦᠯᠲᠡ ᠨᠢ ᠡᠬᠡ ᠶᠢᠨ ᠰᠦ ᠢᠳᠡᠬᠦ ᠬᠡᠮᠵᠢᠶ᠎ᠡ ᠲᠠᠢ ᠮᠠᠰᠢ ᠶᠡᠭᠡ ᠬᠠᠷᠢᠴᠠᠭ᠎ᠠ ᠲᠠᠢ᠂ ᠬᠤᠷᠠᠭ᠎ᠠ ᠢᠰᠢᠭᠡᠨ ᠤ ᠪᠡᠶ᠎ᠡ ᠶᠢᠨ ᠬᠦᠨᠳᠦ 4g ᠨᠡᠮᠡᠭᠳᠡᠬᠦ ᠪᠦᠷᠢ ᠪᠠᠷᠤᠭ ᠡᠬᠡ ᠶᠢᠨ ᠰᠦ 5g ᠬᠡᠷᠡᠭᠰᠡᠨ᠎ᠡ᠃ ᠬᠤᠷᠠᠭ᠎ᠠ ᠢᠰᠢᠭᠡᠨ ᠳᠤ ᠭᠦᠢᠴᠡᠳ ᠬᠡᠮᠵᠢᠶᠡᠨ ᠤ ᠡᠬᠡ ᠶᠢᠨ ᠰᠦ ᠢᠳᠡᠭᠦᠯᠵᠦ᠂ ᠲᠡᠭᠦᠨ ᠤ ᠲᠦᠷᠭᠡᠨ ᠪᠤᠶᠢᠵᠢᠯᠲᠠ ᠶᠢ ᠪᠠᠲᠤᠯᠠᠬᠤ ᠶᠢᠨ ᠲᠥᠯᠥᠭᠡ᠂ ᠡᠮ᠎ᠡ ᠬᠤᠨᠢᠨ ᠤ ᠲᠡᠵᠢᠭᠡᠯ ᠢ ᠴᠢᠩᠭᠠᠳᠬᠠᠵᠤ᠂ ᠬᠤᠯᠢᠮᠠᠭ ᠨᠠᠷᠢᠯᠢᠭ ᠪᠣᠷᠳᠤᠭ᠎ᠠ ᠪᠠᠷ ᠲᠡᠵᠢᠭᠡᠵᠦ᠂ ᠰᠦᠨ ᠤ ᠰᠢᠭᠦᠷᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠡᠪᠡᠴᠦ ᠡᠮ᠎ᠡ ᠬᠤᠨᠢ ᠶᠢ ᠲᠦᠯᠯᠡᠭᠰᠡᠨ ᠤ ᠳᠠᠷᠠᠭ᠎ᠠ 3 ᠡᠳᠦᠷ ᠤᠨ ᠳᠣᠲᠣᠷ᠎ᠠ ᠰᠢᠩᠭᠡᠭᠡᠬᠦ ᠳᠤ ᠬᠢᠯᠪᠠᠷ ᠬᠠᠭᠤᠷᠠᠢ ᠡᠪᠡᠰᠦ᠂ ᠳᠠᠪᠤᠰᠤ ᠲᠠᠢ ᠤᠰᠤ᠂ ᠬᠡᠪᠡᠭ ᠤᠨ ᠱᠥᠯᠥ ᠵᠡᠷᠭᠡ ᠶᠢ ᠲᠡᠵᠢᠭᠡᠵᠦ᠂ ᠲᠡᠭᠦᠨ ᠤ ᠲᠦᠯᠯᠡᠬᠦ ᠶᠠᠪᠤᠴᠠ ᠳᠤ ᠬᠡᠲᠦᠷᠬᠡᠢ ᠶᠡᠭᠡ ᠬᠦᠴᠦ ᠪᠠ ᠤᠰᠤ  ᠵᠠᠷᠤᠴᠠᠭᠤᠯᠤᠭᠰᠠᠨ ᠢ ᠨᠥᠬᠦᠪᠦᠷᠢᠯᠡᠨ᠎ᠡ᠂ ᠨᠥᠭᠦᠭᠡ ᠲᠠᠯ᠎ᠠ ᠪᠠᠷ ᠰᠢᠩᠭᠡᠭᠡᠯᠲᠡ ᠮᠠᠭᠤᠳᠠᠬᠤ ᠪᠠ ᠬᠥᠬᠦᠨ ᠤ ᠦᠷᠪᠢᠰᠦᠯ ᠡᠭᠦᠰᠬᠦ ᠶᠢ ᠰᠡᠷᠭᠡᠶᠢᠯᠡᠨ᠎ᠡ᠃ ᠡᠩ ᠤᠨ ᠪᠠᠶᠢᠳᠠᠯ ᠳᠤ ᠭᠠᠭᠴᠠ ᠬᠤᠷᠠᠭ᠎ᠠ ᠲᠠᠢ ᠡᠮ᠎ᠡ ᠬᠤᠨᠢᠨ ᠳᠤ ᠡᠳᠦᠷ ᠪᠦᠷᠢ 0.5kg᠂ ᠬᠤ᠋ ᠯᠤᠤᠪᠠᠩ 1.5kg᠂ ᠬᠠᠭᠤᠷᠠᠢ ᠡᠪᠡᠰᠦ 1kg᠂ ᠢᠬᠡᠷ᠎ᠡ ᠬᠤᠷᠠᠭ᠎ᠠ ᠲᠠᠢ ᠡᠮ᠎ᠡ ᠬᠤᠨᠢᠨ ᠤ ᠪᠡᠶ᠎ᠡ ᠶᠢᠨ ᠪᠠᠶᠢᠳᠠᠯ ᠢ ᠦᠨᠳᠦᠰᠦᠯᠡᠨ ᠲᠡᠵᠢᠭᠡᠯ ᠨᠥᠬᠦᠪᠦᠷᠢᠯᠡᠬᠦ ᠬᠡᠮᠵᠢᠶ᠎ᠡ ᠶᠢ ᠵᠣᠬᠢᠰᠲᠠᠢ ᠪᠠᠷ ᠨᠡᠮᠡᠭᠳᠡᠭᠦᠯᠦᠨ᠎ᠡ᠃ ᠡᠭᠦᠨ ᠠᠴᠠ ᠭᠠᠳᠠᠨ᠎ᠠ᠂ ᠡᠮ᠎ᠡ ᠬᠤᠨᠢᠨ ᠤ ᠬᠠᠰᠢᠶ᠎ᠠ ᠶᠢ ᠰᠠᠶᠢᠲᠤᠷ ᠴᠡᠪᠡᠷᠯᠡᠵᠦ᠂ ᠬᠤᠨᠢᠨ ᠤ ᠬᠠᠰᠢᠶ᠎ᠠ ᠶᠢ ᠠᠷᠢᠭᠤᠨ ᠴᠡᠪᠡᠷ ᠪᠠᠶᠢᠯᠭᠠᠬᠤ ᠬᠡᠷᠡᠭᠲᠡᠢ᠃      ᠬᠥᠬᠦᠭᠦᠯᠬᠦ ᠰᠡᠭᠦᠯᠴᠢ ᠶᠢᠨ ᠬᠤᠭᠤᠴᠠᠭ᠎ᠠ ᠭᠡᠳᠡᠭ ᠨᠢ ᠡᠮ᠎ᠡ ᠬᠤᠨᠢ ᠲᠦᠯᠯᠡᠭᠰᠡᠨ ᠤ ᠳᠠᠷᠠᠭ᠎ᠠ 2 ᠰᠠᠷ᠎ᠠ ᠠᠴᠠ ᠬᠤᠷᠠᠭ᠎ᠠ ᠢᠰᠢᠭᠡᠨ ᠤ ᠰᠦ ᠠᠴᠠ ᠨᠢ ᠲᠠᠰᠤᠯᠬᠤ ᠪᠣᠯᠲᠠᠯᠠᠬᠢ ᠬᠤᠭᠤᠴᠠᠭ᠎ᠠ ᠶᠢ ᠬᠡᠯᠡᠨ᠎ᠡ᠃ ᠡᠨᠡ ᠬᠤᠭᠤᠴᠠᠭᠠᠨ ᠳᠤ ᠡᠮ᠎ᠡ ᠬᠤᠨᠢᠨ ᠤ ᠰᠦ ᠰᠢᠭᠦᠷᠡᠭᠦᠯᠬᠦ ᠴᠢᠳᠠᠪᠤᠷᠢ ᠨᠢ ᠠᠭᠠᠵᠢᠮ ᠢᠶᠠᠷ ᠪᠠᠭᠤᠷᠠᠵᠤ᠂ ᠬᠤᠷᠠᠭ᠎ᠠ ᠢᠰᠢᠭᠡᠨ ᠤ ᠥᠪᠡᠷ ᠢᠶᠠᠨ ᠲᠡᠵᠢᠭᠡᠯ ᠡᠪᠡᠰᠦ ᠪᠠ ᠨᠠᠷᠢᠯᠢᠭ ᠪᠣᠷᠳᠤᠭ᠎ᠠ ᠲᠡᠭᠦᠵᠦ᠂ ᠲᠡᠵᠢᠭᠡᠯ ᠪᠣᠷᠳᠤᠭ᠎ᠠ ᠪᠠᠨ ᠠᠰᠢᠭᠯᠠᠬᠤ ᠴᠢᠳᠠᠪᠤᠷᠢ ᠨᠢ ᠲᠠᠰᠤᠷᠠᠯᠲᠠ ᠦᠭᠡᠢ ᠴᠢᠩᠭᠠᠷᠠᠨ᠎ᠠ᠃ ᠡᠶᠢᠮᠦ ᠠᠴᠠ ᠬᠤᠷᠠᠭ᠎ᠠ ᠢᠰᠢᠭᠡᠨ ᠤ ᠪᠤᠶᠢᠵᠢᠯᠲᠠ ᠶᠢ ᠳᠠᠭᠠᠯᠳᠤᠨ ᠡᠮ᠎ᠡ ᠬᠤᠨᠢᠨ ᠤ ᠰᠢᠮ᠎ᠡ ᠲᠡᠵᠢᠭᠡᠯ ᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ᠂ ᠰᠢᠭᠦᠰᠦᠯᠢᠭ ᠪᠣᠷᠳᠤᠭ᠎ᠠ᠂ ᠳᠠᠷᠤᠰᠢᠭᠤᠯᠤᠭᠰᠠᠨ ᠪᠣᠷᠳᠤᠭ᠎ᠠ ᠪᠠ ᠨᠠᠷᠢᠯᠢᠭ ᠪᠣᠷᠳᠤᠭ᠎ᠠ ᠶᠢᠨ ᠬᠡᠮᠵᠢᠶ᠎ᠡ ᠶᠢ ᠠᠭᠠᠵᠢᠮ ᠢᠶᠠᠷ ᠪᠠᠭᠠᠰᠬᠠᠵᠤ᠂ ᠶᠡᠷᠦ ᠳᠡᠭᠡᠨ ᠡᠳᠦᠷ ᠪᠦᠷᠢ ᠡᠮ᠎ᠡ ᠬᠤᠨᠢᠨ ᠳᠤ 0.3kg ᠨᠠᠷᠢᠯᠢᠭ ᠪᠣᠷᠳᠤᠭ᠎ᠠ ᠢᠳᠡᠭᠦᠯᠵᠦ᠂ ᠡᠮ᠎ᠡ ᠬᠤᠨᠢᠨ ᠤ ᠨᠠᠢᠮᠠᠨ ᠬᠤᠪᠢ ᠶᠢᠨ ᠲᠠᠷᠭᠤ ᠬᠦᠴᠦ ᠶᠢ ᠪᠠᠲᠤᠯᠠᠪᠠᠯ ᠪᠣᠯᠴᠢᠬᠠᠨ᠎ᠠ᠃ ᠡᠨᠡ ᠮᠡᠲᠦ ᠪᠠᠷ ᠬᠤᠷᠠᠭ᠎ᠠ ᠢᠰᠢᠭᠡᠨ ᠤ ᠰᠦ ᠠᠴᠠ ᠪᠠᠨ ᠰᠠᠯᠤᠭᠰᠠᠨ ᠤ ᠳᠠᠷᠠᠭ᠎ᠠ᠂ ᠡᠮ᠎ᠡ ᠬᠤᠨᠢ ᠨᠢ ᠮᠠᠰᠢ ᠲᠦᠷᠭᠡᠨ ᠢᠶᠠᠷ ᠤᠷᠤᠭᠠᠰᠢᠨ ᠬᠡᠭᠡᠯᠳᠦᠵᠦ ᠂ ᠦᠷᠡᠵᠢᠯ ᠤᠨ ᠲᠤᠭ᠎ᠠ ᠶᠢ ᠨᠡᠮᠡᠭᠳᠡᠭᠦᠯᠦᠨ᠂ ᠦᠷᠡᠵᠢᠯ ᠤᠨ ᠰᠠᠶᠢᠨ ᠡᠷᠭᠢᠯᠲᠡ ᠶᠢ ᠪᠣᠶ ᠪᠣᠯᠭᠠᠳᠠᠭ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号