ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠶᠦᠩ ᠬᠤᠸᠠ ᠤᠯᠠᠭᠠᠨᠬᠠᠳᠠ ᠳᠤ ᠬᠦᠷᠴᠦ ᠠᠷᠪᠠᠳᠤᠭᠠᠷ ᠬᠤᠭᠤᠴᠠᠭᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠤ ᠬᠤᠯᠪᠣᠭᠳᠠᠯ ᠪᠦᠬᠦᠢ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2023/5/22
      ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠢ 8 ᠰᠠᠷ᠎ᠠ ᠳᠤ ᠤᠯᠠᠭᠠᠨᠬᠠᠳᠠ ᠶᠢᠨ ᠣᠯᠠᠨ ᠤᠯᠤᠰ ᠤᠨ ᠬᠤᠷᠠᠯ ᠤᠨ ᠦᠵᠡᠭᠦᠯᠭᠡ ᠶᠢᠨ ᠲᠦᠪ ᠳᠤ ᠦᠷᠨᠢᠭᠦᠯᠪᠡ᠃ ᠲᠣᠰ ᠬᠤᠭᠤᠴᠠᠭᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠢ ᠰᠠᠶᠢᠲᠤᠷ ᠡᠷᠭᠢᠯᠡᠬᠦ᠂ ᠰᠢᠯᠢᠳᠡᠭ ᠡᠷᠭᠢᠯᠡᠬᠦ᠂ ᠨᠠᠷᠢᠯᠢᠭ ᠡᠷᠭᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠣᠣ ᠶᠦᠩ ᠬᠤᠸᠠ ᠪᠦᠯᠬᠦᠮ ᠳᠠᠭᠠᠭᠤᠯᠤᠨ ᠤᠯᠠᠭᠠᠨᠬᠠᠳᠠ ᠬᠤᠲᠠ ᠳᠤ ᠬᠦᠷᠴᠦ ᠪᠣᠬᠢᠷᠲᠤᠯ ᠦᠭᠡᠢ ᠦᠵᠡᠰᠬᠦᠯᠡᠩ ᠤᠨ ᠴᠤᠭᠯᠠᠭᠠᠨ ᠤ ᠬᠤᠯᠪᠣᠭᠳᠠᠯ ᠪᠦᠬᠦᠢ ᠵᠦᠢᠯᠡᠰ ᠢ ᠵᠣᠯᠭᠠᠭᠤᠯᠪᠠ᠃      ᠤᠯᠠᠭᠠᠨᠬᠠᠳᠠ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠬᠦᠷᠴᠦ᠂ ᠵᠤᠤ ᠶᠦᠩ ᠬᠤᠸᠠ ᠦᠵᠡᠭᠦᠯᠭᠡ ᠶᠢᠨ ᠲᠢᠩᠬᠢᠮ ᠤᠨ ᠲᠠᠯᠠᠪᠠᠢ ᠂ ᠪᠠᠶᠢᠷᠢᠰᠢᠭᠤᠯᠤᠯᠲᠠ ᠵᠢᠴᠢ ᠤᠯᠠᠨ ᠤᠯᠤᠰ ᠤᠨ ᠪᠠᠷᠢᠮᠵᠢᠶᠠᠲᠤ ᠦᠵᠡᠭᠦᠯᠭᠡ ᠶᠢᠨ ᠪᠠᠶᠢᠷᠢ ᠶᠢᠨ ᠲᠤᠭ᠎ᠠ᠂ ᠬᠤᠷᠠᠯ ᠤᠨ ᠭᠡᠷ ᠤᠨ ᠬᠤᠭᠤᠷᠣᠨᠳᠣᠬᠢ ᠲᠤᠭ᠎ᠠ᠂ ᠵᠡᠷᠭᠡᠪᠡᠷ ᠣᠷᠴᠢᠭᠤᠯᠤᠨ ᠳᠠᠮᠵᠢᠭᠤᠯᠬᠤ ᠴᠢᠳᠠᠪᠬᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠢᠯ ᠢ ᠵᠣᠯᠭᠠᠭᠤᠯᠬᠤ ᠬᠤᠷᠠᠯ ᠳᠡᠭᠡᠷ᠎ᠡ᠂ ᠵᠣᠣ ᠶᠦᠩ ᠬᠤᠸᠠ ᠦᠵᠡᠭᠦᠯᠭᠡ ᠶᠢᠨ ᠭᠤᠣᠯ ᠰᠡᠳᠦᠪ᠂ ᠦᠵᠡᠭᠦᠯᠭᠡ ᠶᠢᠨ ᠨᠡᠷᠡᠶᠢᠳᠦᠯ᠂ ᠡᠷᠭᠢᠯᠡᠬᠦ ᠴᠠᠭ᠂ ᠦᠵᠡᠭᠦᠯᠭᠡ ᠶᠢᠨ ᠲᠣᠭᠤᠷᠢᠭ ᠤᠨ ᠪᠠᠶᠢᠷᠢᠯᠠᠭᠤᠯᠤᠯᠲᠠ᠂ ᠬᠦᠨᠳᠦᠲᠦ ᠵᠣᠴᠢᠨ ᠢ ᠤᠷᠢᠬᠤ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠵᠠᠷᠤᠳᠠᠯ ᠢ ᠨᠢᠭᠡᠳᠦᠯᠲᠡᠢ ᠲᠥᠯᠥᠪᠯᠡᠬᠦ ᠵᠢᠴᠢ ᠠᠳᠠᠯᠢ ᠬᠤᠭᠤᠴᠠᠭᠠᠨ ᠤ ᠠᠵᠢᠯᠯᠠᠭ᠎ᠠ ᠵᠡᠷᠭᠡ ᠲᠠᠯ᠎ᠠ ᠪᠠᠷ ᠠᠵᠢᠯ ᠤᠨ ᠪᠠᠶᠢᠷᠢᠯᠠᠭᠤᠯᠤᠯᠲᠠ ᠬᠢᠪᠡ᠃      ᠲᠣᠰ ᠤᠳᠠᠭᠠᠨ ᠤ ᠵᠣᠯᠭᠠᠭᠤᠯᠬᠤ ᠠᠵᠢᠯᠯᠠᠭ᠎ᠠ ᠨᠢ ᠠᠷᠪᠠᠳᠤᠭᠠᠷ ᠬᠤᠭᠤᠴᠠᠭᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠤ ᠪᠡᠯᠡᠳᠬᠡᠯ ᠠᠵᠢᠯ ᠤᠨ ᠬᠥᠰᠢᠭᠡ ᠶᠢ ᠰᠡᠬᠦᠪᠡ᠂ ᠤᠯᠠᠭᠠᠨᠬᠠᠳᠠ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠪᠣᠬᠢᠷᠲᠤᠯ ᠦᠭᠡᠢ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠤ ᠤᠷᠤᠭᠰᠢᠲᠠᠢ ᠬᠤᠷᠠᠯᠳᠤᠬᠤ ᠶᠢ ᠦᠨᠡᠨ ᠬᠦ ᠪᠠᠲᠤᠯᠠᠵᠤ᠂ ᠵᠢᠱᠢᠭᠰᠡᠨ ᠬᠠᠷᠠᠯᠲᠠ ᠳᠠᠭᠠᠨ ᠬᠦᠷᠬᠦ ᠪᠣᠯᠣᠨ᠎ᠠ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠ ᠵᠠᠩ ᠱᠧᠩ ᠾᠧ᠂ ᠳᠡᠳ᠋ ᠲᠣᠪᠴᠢᠶᠠᠨ ᠳᠠᠷᠤᠭ᠎ᠠ ᠸᠠᠩ ᠶᠢᠨ ᠬᠤᠸᠠᠨ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠭᠤᠷᠪᠠᠳᠤᠭᠠᠷ ᠰᠠᠯᠠᠭᠠᠨ ᠤ ᠹᠧᠩ ᠲᠢᠶᠠᠨ ᠴᠢ᠂ ᠤᠯᠠᠭᠠᠨᠬᠠᠳᠠ ᠶᠢᠨ ᠣᠯᠠᠨ ᠤᠯᠤᠰ ᠤᠨ ᠬᠤᠷᠠᠯ ᠤᠨ ᠦᠵᠡᠰᠬᠦᠯᠡᠩ ᠤᠨ ᠲᠥᠪ ᠤᠨ ᠬᠠᠷᠢᠭᠤᠴᠠᠯᠭᠠᠲᠠᠨ ᠵᠢᠴᠢ ᠲᠣᠪᠴᠢᠶᠠᠨ ᠪᠠᠶᠢᠭᠤᠯᠭ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠢᠨ ᠵᠣᠯᠭᠠᠭᠤᠯᠤᠨ ᠰᠣᠯᠢᠯᠴᠠᠬᠤ ᠠᠵᠢᠯᠯᠠᠭ᠎ᠠ ᠳᠤ ᠣᠷᠣᠯᠴᠠᠪᠠ᠃
W020230522382248922561.jpg
W020230522382248949722.jpg
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号