ᠯᠤᠤᠪᠠᠩ ᠤᠨ ᠹᠢᠽᠢᠣᠯᠣᠭᠢ ᠶᠢᠨ ᠡᠪᠡᠳᠴᠢᠨ ᠤ ᠰᠡᠷᠭᠡᠶᠢᠯᠡᠯᠲᠡ
ᠨᠡᠶᠢᠲᠡᠯᠡᠭᠰᠡᠨ ᠴᠠᠭ᠄
2023/5/22
      1.ᠰᠠᠶᠢᠨ ᠡᠭᠦᠯᠳᠡᠷ ᠢ ᠰᠣᠩᠭᠤᠨ ᠬᠡᠷᠡᠭᠯᠡᠬᠦ ᠬᠡᠷᠡᠭᠲᠡᠢ᠃ ᠡᠩ ᠤᠨ ᠪᠠᠶᠢᠳᠠᠯ ᠳᠤ ᠬᠥᠷᠥᠰᠥᠨ ᠳᠤ ᠨᠡᠯᠢᠶᠡᠳ ᠭᠦᠢᠬᠡᠨ ᠰᠠᠭᠤᠳᠠᠭ ᠡᠭᠦᠯᠳᠡᠷ ᠨᠢ ᠵᠡᠷᠡᠮᠳᠡᠭ ᠦᠨᠳᠦᠰᠦ ᠠᠮᠠᠷᠬᠠᠨ ᠡᠭᠦᠰᠬᠦ ᠦᠭᠡᠢ︔ ᠤᠰᠤᠨ ᠤ ᠠᠭᠤᠯᠤᠭᠳᠠᠴᠠ ᠪᠠᠭ᠎ᠠ᠂ ᠨᠢᠭᠳᠠᠴᠠ ᠰᠠᠶᠢᠳᠠᠢ ᠡᠭᠦᠯᠳᠡᠷ ᠨᠢ ᠤᠭ ᠢᠶᠠᠷ ᠢᠶᠠᠨ ᠠᠮᠠᠷᠬᠠᠨ ᠬᠠᠭᠠᠷᠠᠬᠤ ᠦᠭᠡᠢ︔ ᠴᠠᠭᠠᠨ ᠬᠠᠯᠢᠰᠤ ᠪᠤᠶᠤ ᠴᠠᠭᠠᠨ ᠨᠣᠭᠤᠭᠠᠨ ᠬᠠᠯᠢᠰᠤ ᠶᠢᠨ ᠡᠭᠦᠯᠳᠡᠷ ᠤᠨ ᠭᠤᠱᠤᠭᠤᠨ ᠠᠮᠲᠠ ᠪᠠ ᠭᠠᠰᠢᠭᠤᠨ ᠠᠮᠲᠠ ᠨᠢ ᠨᠡᠯᠢᠶᠡᠳ ᠰᠤᠯᠠ ᠪᠠᠶᠢᠳᠠᠭ᠃      2.ᠲᠣᠬᠢᠷᠠᠮᠵᠢᠲᠠᠢ ᠭᠠᠵᠠᠷ ᠢ ᠰᠤᠩᠭᠤᠬᠤ ᠬᠡᠷᠡᠭᠲᠡᠢ᠃ ᠲᠠᠷᠢᠬᠤ ᠠᠴᠠ ᠪᠠᠨ ᠡᠮᠦᠨ᠎ᠡ᠂ ᠬᠥᠷᠥᠰᠥᠨ ᠤ ᠳᠠᠪᠬᠤᠷᠭ᠎ᠠ ᠨᠢ ᠵᠤᠵᠠᠭᠠᠨ ᠭᠠᠵᠠᠷ ᠢ ᠰᠣᠩᠭᠤᠬᠤ ᠶᠢᠨ ᠬᠠᠮᠲᠤ ᠨᠠᠷᠢᠨ ᠨᠠᠷᠬ᠎ᠠ ᠪᠠᠷ ᠭᠦᠨ ᠲᠠᠷᠢᠵᠤ᠂ ᠬᠥᠷᠥᠰᠥ ᠶᠢ ᠵᠥᠭᠡᠯᠡᠷᠡᠭᠦᠯᠦᠨ᠎ᠡ᠃      3.ᠪᠣᠷᠳᠣᠭᠤᠷ ᠢ ᠰᠢᠨᠵᠢᠯᠡᠬᠦ ᠤᠬᠠᠭᠠᠨᠴᠢ ᠪᠠᠷ ᠨᠡᠮᠡᠵᠦ ᠣᠷᠤᠭᠤᠯᠬᠤ ᠬᠡᠷᠡᠭᠲᠡᠢ᠃ ᠬᠥᠷᠥᠰᠥᠨ ᠳᠤ ᠣᠷᠣᠭᠤᠯᠬᠤ ᠣᠷᠭᠠᠨᠢᠭ ᠪᠣᠷᠳᠣᠭᠤᠷ ᠢ ᠡᠷᠬᠡᠪᠰᠢ ᠭᠦᠢᠴᠡᠳ ᠢᠯᠵᠢᠷᠡᠭᠦᠯᠦᠨ ᠪᠣᠯᠪᠠᠰᠤᠷᠠᠭᠤᠯᠬᠤ ᠮᠦᠷᠳᠡᠭᠡᠨ ᠵᠢᠭᠳᠡ ᠰᠠᠴᠤᠬᠤ ᠶᠢᠨ ᠬᠠᠮᠲᠤ ᠹᠣᠰᠹᠣᠷ᠂ ᠺᠠᠯᠢ ᠶᠢᠨ ᠪᠣᠷᠳᠣᠭᠤᠷ ᠢ ᠵᠣᠬᠢᠬᠤ ᠬᠡᠮᠵᠢᠶ᠎ᠡ ᠪᠠᠷ ᠨᠡᠮᠡᠨ ᠣᠷᠣᠭᠤᠯᠵᠤ᠂ ᠳᠠᠩ ᠭᠠᠭᠴᠠ ᠶᠡᠭᠡ ᠬᠡᠮᠵᠢᠶᠡᠨ ᠤ ᠠᠽᠣᠲ ᠪᠣᠷᠳᠣᠭᠤᠷ ᠢ ᠬᠡᠷᠡᠭᠯᠡᠬᠦ ᠠᠴᠠ ᠰᠡᠷᠭᠡᠶᠢᠯᠡᠬᠦ ᠬᠡᠷᠡᠭᠲᠡᠢ︔ ᠵᠢᠯ ᠳᠠᠷᠠᠭᠠᠯᠠᠨ ᠭᠤᠤᠯ ᠠᠴᠠ ᠪᠠᠨ ᠬᠠᠩᠰᠠᠷᠠᠬᠤ ᠪᠠᠶᠢᠳᠠᠯ ᠢᠯᠡᠷᠡᠭᠰᠡᠨ ᠭᠠᠵᠠᠷ ᠲᠤ ᠭᠠᠵᠠᠷ ᠲᠡᠭᠰᠢᠯᠡᠬᠦ ᠳᠤ ᠮᠦ ᠳᠤ 0.5~1 ᠺᠢᠯᠣᠭ᠍ᠷᠠᠮ ᠪᠤᠷ ᠤᠨ ᠬᠦᠴᠢᠯ ᠪᠤᠶᠤ ᠪᠤᠷ ᠤᠨ ᠡᠯᠡᠰᠦ᠂ 0.2~0.5% ᠶᠢᠨ ᠪᠤᠷ ᠤᠨ ᠡᠯᠡᠰᠦ ᠶᠢ ᠪᠤᠷ ᠤᠨ ᠬᠦᠴᠢᠯ ᠤᠨ ᠠᠭᠤᠰᠤᠮᠠᠯ ᠤᠨ ᠨᠠᠪᠴᠢᠨ ᠤ ᠭᠠᠳᠠᠷᠭᠤ ᠳᠤ ᠰᠦᠷᠴᠢᠵᠦ᠂ 3~4 ᠡᠳᠦᠷ ᠲᠤ ᠨᠢᠭᠡ ᠤᠳᠠᠭ᠎ᠠ ᠰᠦᠷᠴᠢᠵᠦ᠂ ᠦᠷᠭᠦᠯᠵᠢᠯᠡᠨ 3~4 ᠤᠳᠠᠭ᠎ᠠ ᠰᠦᠷᠴᠢᠨ᠎ᠡ᠃      4.ᠵᠦᠢ ᠵᠣᠬᠢᠰᠲᠠᠢ ᠤᠰᠤᠯᠠᠬᠤ ᠬᠡᠷᠡᠭᠲᠡᠢ᠃ ᠭᠡᠨᠡᠳᠲᠡ ᠬᠠᠳᠠᠬᠤ ᠭᠡᠨᠡᠳᠲᠡ ᠨᠣᠷᠬᠤ ᠪᠤᠶᠤ ᠬᠡᠲᠦ ᠬᠠᠳᠠᠬᠤ ᠬᠡᠲᠦ ᠨᠣᠷᠬᠤ ᠶᠢ ᠰᠡᠷᠭᠡᠶᠢᠯᠡᠨ᠎ᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号