ᠬᠤᠶᠠᠳᠤᠭᠠᠷ ᠬᠤᠭᠤᠴᠠᠭᠠᠨ ᠤ ︽ᠬᠠᠮᠤᠭ ᠤᠨ ᠭᠤᠶᠣ ᠮᠠᠯ ᠠᠵᠤ ᠠᠬᠤᠢ ᠶᠢᠨ ᠮᠡᠷᠭᠡᠵᠢᠯᠲᠡᠨ︾ ᠤ ᠵᠢᠱᠢᠭᠳᠡᠭᠴᠢ ᠶᠢᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/5/23
      ︽ᠬᠤᠶᠠᠳᠤᠭᠠᠷ ᠬᠤᠭᠤᠴᠠᠭᠠᠨ ᠤ ︿ᠬᠠᠮᠤᠭ ᠤᠨ ᠭᠤᠶᠣ ᠮᠠᠯ ᠠᠵᠤ ᠠᠬᠤᠢ ᠶᠢᠨ ᠮᠡᠷᠭᠡᠵᠢᠯᠲᠡᠨ ᠢ ᠡᠷᠢᠬᠦ﹀ ᠠᠵᠢᠯᠯᠠᠭ᠎ᠠ ᠶᠢ ᠥᠷᠨᠢᠭᠦᠯᠬᠦ ᠲᠤᠬᠠᠢ ᠪᠥᠬᠦ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠥᠷᠲᠡᠭᠡ ᠶᠢᠨ ᠮᠡᠳᠡᠭᠳᠡᠯ︾ ︵ᠮᠠᠯ ᠥᠷᠲᠡᠭᠡ ︵ᠪᠠᠶᠢᠭᠤᠯᠤᠮᠵᠢ︶ ᠵᠠᠬᠢᠳᠠᠯ ﹇2023﹈ 52 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠬᠤᠲᠠ ᠶᠢᠨ ᠲᠠᠨᠢᠯᠴᠠᠭᠤᠯᠤᠭᠰᠠᠨ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠠᠯ ᠠᠵᠤ ᠠᠬᠤᠢ ᠶᠢᠨ ᠮᠡᠷᠭᠡᠵᠢᠯ ᠤᠨ ᠭᠠᠵᠠᠷ ᠢᠶᠠᠷ ᠬᠢᠨᠠᠨ ᠰᠢᠯᠭᠠᠷᠠᠭᠤᠯᠵᠤ᠂ ᠡᠳᠦᠭᠡ ᠬᠤᠶᠠᠳᠤᠭᠠᠷ ᠬᠤᠭᠤᠴᠠᠭᠠᠨ ᠤ ︽ᠬᠠᠮᠤᠭ ᠤᠨ ᠭᠤᠶᠣ ᠮᠠᠯ ᠠᠵᠤ ᠠᠬᠤᠢ ᠶᠢᠨ ᠮᠡᠷᠭᠡᠵᠢᠯᠲᠡᠨ︾ ᠤ ᠵᠢᠱᠢᠭᠳᠡᠭᠴᠢ ᠶᠢᠨ ᠨᠡᠷᠡᠰ ᠢ ᠢᠯᠡ ᠨᠡᠶᠢᠲᠡᠯᠡᠪᠡ᠃ ᠵᠢᠱᠢᠭᠳᠡᠭᠰᠡᠳ ᠤᠨ ᠦᠨᠳᠦᠰᠦᠨ ᠪᠠᠶᠢᠳᠠᠯ ᠳᠣᠣᠷᠠᠬᠢ ᠮᠡᠲᠦ᠄      ᠯᠢ ᠵᠢᠶᠦ᠋ᠨ ᠰᠢᠶᠠ᠂ ᠡᠮᠡᠭᠲᠡᠢ᠂ 1985 ᠣᠨ ᠤ 6 ᠰᠠᠷ᠎ᠠ ᠳᠤ ᠲᠦᠷᠦᠵᠠᠢ᠂ ᠡᠳᠦᠭᠡ ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ ᠮᠠᠯ ᠠᠵᠤ ᠠᠬᠤᠢ ᠤᠰᠤᠨ ᠭᠠᠷᠤᠯᠲᠠ ᠶᠢᠨ ᠠᠵᠢᠯ ᠤᠨ ᠦᠷᠳᠡᠭᠡ ᠳᠤ ᠠᠵᠢᠯᠯᠠᠵᠤ ᠪᠤᠢ᠂ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡ ᠶᠢ 14 ᠵᠢᠯ ᠡᠷᠭᠢᠯᠡᠪᠡ᠃      ᠶᠢᠨ ᠱᠧᠩ ᠶᠦᠨ᠂ ᠡᠷᠡᠭᠲᠡᠢ᠂ 1969 ᠣᠨ ᠤ 9 ᠰᠠᠷ᠎ᠠ ᠳᠤ ᠳᠦᠷᠦᠵᠡᠶ᠂ ᠡᠳᠦᠭᠡ ᠰᠢᠯᠢ ᠶᠢᠨ ᠭᠤᠣᠯ ᠠᠶᠢᠮᠠᠭ ᠤᠨ ᠤᠯᠠᠭᠠᠢ ᠬᠠᠮᠢᠶᠠᠷᠤᠯᠲᠠ ᠶᠢᠨ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠠᠵᠢᠯᠯᠠᠵᠤ ᠪᠣᠶ᠂ ᠥᠷᠲᠡᠭᠡᠨ ᠳᠠᠷᠤᠭ᠎ᠠ \ ᠳᠡᠭᠡᠳᠦ ᠵᠡᠷᠭᠡ ᠶᠢᠨ ᠮᠠᠯ ᠠᠵᠤ ᠠᠬᠤᠶᠢᠴᠢ᠂ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡ ᠶᠢ 27 ᠵᠢᠯ ᠡᠷᠭᠢᠯᠡᠪᠡ᠃      ᠳ᠋ᠤᠸᠠᠨ ᠬᠠᠢ ᠶᠠᠨ᠂ ᠡᠮᠡᠭᠲᠡᠢ᠂ 1974 ᠣᠨ ᠤ 8 ᠰᠠᠷ᠎ᠠ ᠳᠤ ᠳᠦᠷᠦᠵᠡᠶ᠂ ᠡᠳᠦᠭᠡ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠠᠵᠢᠯᠯᠠᠵᠤ ᠪᠣᠶ᠂ ᠳᠡᠳ᠋ ᠡᠷᠬᠢᠯᠡᠭᠴᠢ \ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ᠂ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡ ᠶᠢ 20 ᠵᠢᠯ ᠡᠷᠭᠢᠯᠡᠪᠡ᠃      ᠬᠠᠰᠴᠢᠯᠠᠭᠤ᠂ ᠡᠷᠡᠭᠲᠡᠢ᠂ 1975 ᠣᠨ ᠤ 2 ᠰᠠᠷ᠎ᠠ ᠳᠤ ᠲᠦᠷᠦᠵᠠᠢ᠂ ᠡᠳᠦᠭᠡ ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠦᠷᠳᠡᠭᠡ ᠳᠤ ᠠᠵᠢᠯᠯᠠᠵᠤ ᠪᠤᠢ᠂ ᠥᠷᠲᠡᠭᠡᠨ ᠳᠠᠷᠤᠭ᠎ᠠ \ ᠮᠠᠯ ᠠᠵᠤ ᠠᠬᠤᠶᠢᠴᠢ᠂ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠠᠵᠢᠯ ᠢ 28 ᠵᠢᠯ ᠡᠷᠬᠢᠯᠡᠪᠡ᠃      ᠰᠠᠷᠠᠨᠬᠤᠸᠠᠷ᠂ ᠡᠮᠡᠭᠲᠡᠢ᠂ 1982 ᠣᠨ ᠤ 2 ᠰᠠᠷ᠎ᠠ ᠳᠤ ᠳᠦᠷᠦᠵᠡᠶ᠂ ᠡᠳᠦᠭᠡ ᠰᠢᠯᠢ ᠶᠢᠨ ᠭᠤᠣᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠳᠤ ᠠᠵᠢᠯᠯᠠᠵᠤ ᠪᠣᠶ᠂ ᠥᠷᠲᠡᠭᠡᠨ ᠳᠠᠷᠤᠭ᠎ᠠ \ ᠳᠡᠭᠡᠳᠦ ᠵᠡᠷᠭᠡ ᠶᠢᠨ ᠮᠠᠯ ᠠᠵᠤ ᠠᠬᠤᠶᠢᠴᠢ᠂ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠠᠵᠢᠯ ᠢ 19 ᠵᠢᠯ ᠡᠷᠬᠢᠯᠡᠪᠡ᠃      ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 5 ᠰᠠᠷ᠎ᠠ ᠶᠢᠨ 23 ᠤ ᠡᠳᠦᠷ ᠠᠴᠠ 2023 ᠣᠨ ᠤ 5 ᠰᠠᠷ᠎ᠠ ᠶᠢᠨ 29 ᠤ ᠡᠳᠦᠷ ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠠᠯ ᠠᠵᠤ ᠠᠬᠤᠢ ᠶᠢᠨ ᠮᠡᠷᠭᠡᠵᠢᠯ ᠤᠨ ᠭᠠᠵᠠᠷ ᠤᠨ ᠠᠯᠪᠠᠨ ᠭᠡᠷ ᠲᠤ ᠦᠨᠡᠨ ᠨᠡᠷ᠎ᠡ ᠪᠠᠷ ᠢᠶᠠᠨ ᠲᠤᠰᠬᠠᠬᠤ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠭᠠᠷᠠᠢ᠃      ᠬᠠᠷᠢᠯᠴᠠᠬᠤ ᠬᠥᠮᠥᠨ᠄ ᠰᠥᠩ ᠴᠢᠶᠠᠨ      ᠬᠠᠷᠢᠯᠴᠠᠬᠤ ᠤᠲᠠᠰᠤ᠄ 18435203690      ᠢᠮᠧᠯ᠄ sq1849942017@163.com                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                                2023 ᠣᠨ ᠤ 5 ᠰᠠᠷ᠎ᠠ ᠶᠢᠨ 23 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号