2023 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠳᠤᠯᠠᠭᠰᠠᠨ ᠦᠷ᠎ᠡ ᠳ᠋ᠦᠩ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2023/5/24
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠬᠤᠯᠪᠣᠭᠳᠠᠯ ᠪᠦᠬᠦᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ᠄      ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠦᠨᠡᠮᠯᠡᠯ ᠣᠯᠣᠭᠰᠠᠨ ᠤ ᠳᠠᠷᠠᠭᠠᠬᠢ ᠬᠢᠨᠠᠯᠲᠠ ᠶᠢ ᠴᠢᠩᠭᠠᠳᠬᠠᠨ᠂ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠠᠤᠯᠢ ᠶᠣᠰᠣᠨ ᠤ ᠠᠵᠢᠯᠯᠠᠭᠠᠨ ᠢ ᠵᠢᠷᠤᠮᠵᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ︽2023 ᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠠᠰᠤ ᠴᠢᠨᠠᠷ ᠲᠠᠷᠬᠠᠭᠠᠭᠰᠠᠨ ﹇2023﹈ 43 ᠳ᠋ᠤᠭᠠᠷ ᠨᠣᠮᠧᠷ︶ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠥᠯᠢᠭᠡᠷ ᠡᠳ᠋ ᠪᠡᠯᠡᠳᠬᠡᠬᠦ᠂ ᠲᠠᠷᠢᠶᠠᠨ ᠡᠮ ᠤᠨ ᠦᠯᠡᠳᠡᠭᠳᠡᠯ ᠪᠠ ᠬᠦᠨᠳᠦ ᠲᠡᠮᠦᠷᠯᠢᠭ ᠤᠨ ᠪᠣᠬᠢᠷᠲᠤᠯ ᠪᠣᠳᠠᠰ᠂ ᠮᠠᠯ ᠵᠢᠭᠦᠷᠲᠡᠨ ᠤ ᠪᠦᠲᠦᠭᠡᠭᠳᠡᠬᠦᠨ ᠤ ᠥᠯᠢᠭᠡᠷ ᠡᠳ᠋ ᠪᠡᠯᠡᠳᠬᠡᠬᠦ ᠪᠠ ᠮᠠᠯ ᠤᠨ ᠡᠮ ᠤᠨ ᠦᠯᠡᠳᠡᠭᠳᠡᠯ᠂ ᠤᠰᠤᠨ ᠭᠠᠷᠤᠯᠲᠠ ᠶᠢᠨ ᠡᠮ ᠤᠨ ᠵᠦᠢᠯ ᠤᠨ ᠦᠯᠡᠳᠡᠭᠳᠡᠯ ᠵᠡᠷᠭᠡ 6 ᠲᠥᠷᠥᠯ ᠵᠦᠢᠯ ᠤᠨ 80 ᠵᠤᠷᠪᠤᠰ ᠤᠨ ᠭᠦᠢᠴᠡᠳᠬᠡᠯ ᠲᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠪᠡ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠵᠠᠷᠯᠠᠪᠠ᠃      ᠨᠢᠭᠡ᠂ ᠣᠷᠣᠯᠴᠠᠭᠰᠠᠨ ᠪᠠᠶᠢᠳᠠᠯ      ᠪᠥᠬᠦ ᠣᠷᠣᠨ ᠤ ᠰᠢᠰᠲ᠋ᠧᠮ ᠤᠨ ᠳᠣᠲᠣᠷᠠᠬᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠪᠠ CATL ᠬᠢᠷᠢ ᠬᠡᠮ ᠲᠠᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠠᠳᠠᠨᠠᠬᠢ ᠰᠢᠰᠲ᠋ᠧᠮ ᠵᠢᠴᠢ ᠭᠤᠷᠪᠠᠳᠠᠭᠢ ᠡᠲᠡᠭᠡᠳ ᠤᠨ ᠨᠡᠶᠢᠲᠡ 75 ᠪᠠᠶᠢᠴᠠᠭᠠᠨ ᠰᠢᠯᠭᠠᠬᠤ ᠪᠠᠶᠢᠭᠤᠯᠤᠮᠵᠢ ᠲᠣᠰ ᠤᠳᠠᠭᠠᠨ ᠤ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠵᠤ᠂ ᠣᠷᠣᠯᠴᠠᠭᠰᠠᠨ ᠨᠣᠷᠮ᠎ᠠ ᠨᠢ 67.0% ᠳᠤ ᠬᠦᠷᠪᠡ᠃ ᠡᠭᠦᠨ ᠳᠤ᠂ ᠰᠢᠰᠲ᠋ᠧᠮ ᠤᠨ ᠳᠣᠲᠣᠷᠠᠬᠢ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ 9᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ 48᠂ ᠰᠢᠰᠲ᠋ᠧᠮ ᠤᠨ ᠭᠠᠳᠠᠨᠠᠬᠢ ᠵᠢᠴᠢ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ 18ᠪᠣᠶ᠃      ︵ᠨᠢᠭᠡ︶ ᠰᠢᠰᠲ᠋ᠧᠮ ᠤᠨ ᠳᠣᠲᠣᠷᠠᠬᠢ ᠪᠠᠶᠢᠳᠠᠯ᠃ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠬᠤ ᠶᠣᠰᠣᠲᠠᠢ ᠪᠠᠶᠢᠭᠤᠯᠤᠮᠵᠢ 94 ᠪᠠᠶᠢᠵᠤ᠂ ᠪᠣᠳᠠᠲᠠᠢ ᠣᠷᠣᠯᠴᠠᠭᠰᠠᠨ ᠪᠠᠶᠢᠭᠤᠯᠤᠮᠵᠢ ᠨᠢ 57 ᠂ ᠣᠷᠣᠯᠴᠠᠭᠰᠠᠨ ᠨᠣᠷᠮ᠎ᠠ ᠨᠢ 60.6%  ᠬᠦᠷᠴᠡᠢ ︔ ᠰᠢᠰᠲ᠋ᠧᠮ ᠤᠨ ᠳᠣᠲᠣᠷᠠᠬᠢ CATL ᠶᠢᠨ ᠬᠢᠷᠢ ᠬᠡᠮ ᠲᠠᠢ ᠪᠠᠶᠢᠭᠤᠯᠤᠮᠵᠢ 49 ᠪᠠᠶᠢᠵᠤ᠂ 47 ᠨᠢ ᠪᠣᠳᠠᠲᠠᠢ ᠣᠷᠣᠯᠴᠠᠵᠤ᠂ ᠣᠷᠣᠯᠴᠠᠭᠰᠠᠨ ᠨᠣᠷᠮ᠎ᠠ ᠨᠢ 95.9%  ᠳᠤ ᠬᠦᠷᠪᠡ᠃      ︵ᠬᠤᠶᠠᠷ︶ ᠰᠢᠰᠲ᠋ᠧᠮ ᠤᠨ ᠭᠠᠳᠠᠨᠠᠬᠢ ᠪᠠᠶᠢᠳᠠᠯ᠃ CATL ᠶᠢᠨ ᠬᠢᠷᠢ ᠬᠡᠮ ᠲᠠᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠠᠳᠠᠨᠠᠬᠢ ᠰᠢᠰᠲ᠋ᠧᠮ ᠵᠢᠴᠢ ᠭᠤᠷᠪᠠᠳᠠᠭᠢ ᠡᠲᠡᠭᠡᠳ ᠤᠨ 18 ᠪᠠᠶᠢᠭᠤᠯᠤᠮᠵᠢ ᠴᠥᠮ ᠲᠣᠰ ᠤᠳᠠᠭᠠᠨ ᠤ ᠴᠢᠳᠠᠪᠤᠷᠢ ᠶᠢᠨ ᠰᠢᠯᠭᠠᠨ ᠨᠣᠲᠠᠯᠠᠯᠲᠠ ᠳᠤ ᠣᠷᠣᠯᠴᠠᠵᠤ᠂ ᠣᠷᠣᠯᠴᠠᠭᠰᠠᠨ ᠨᠣᠷᠮ᠎ᠠ ᠨᠢ 100% ᠳᠤ ᠬᠦᠷᠪᠡ᠃      ︵ᠭᠤᠷᠪᠠ︶  ᠤᠷᠤᠯᠴᠠᠭᠰᠠᠨ ᠲᠥᠷᠥᠯ ᠢᠯᠭᠠᠯ      1.ᠦᠯᠢᠭᠡᠷ ᠡᠳ᠋ ᠪᠡᠯᠡᠳᠬᠡᠬᠦ᠃ 41 ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠲᠠᠷᠢᠶᠠᠯᠠᠩ ᠤᠨ ᠪᠦᠲᠦᠭᠡᠭᠳᠡᠬᠦᠨ ᠤ ᠥᠯᠢᠭᠡᠷ ᠡᠳ᠋ ᠪᠡᠯᠡᠳᠬᠡᠬᠦ ᠬᠢᠨᠠᠨ ᠰᠢᠯᠭᠠᠯᠲᠠ ᠳᠤ ᠣᠷᠣᠯᠴᠠᠵᠤ᠂ 11 ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠮᠠᠯ ᠤᠨ ᠠᠰᠢᠭ ᠰᠢᠮ᠎ᠡ ᠶᠢᠨ ᠥᠯᠢᠭᠡᠷ ᠡᠳ᠋ ᠪᠡᠯᠡᠳᠬᠡᠬᠦ ᠬᠢᠨᠠᠨ ᠰᠢᠯᠭᠠᠯᠲᠠ ᠳᠤ ᠣᠷᠣᠯᠴᠠᠵᠠᠢ᠃      2.ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ᠃ 61 ᠪᠠᠶᠢᠭᠤᠯᠤᠮᠵᠢ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠵᠤ᠂ ᠡᠭᠦᠨ ᠳᠤ ᠰᠢᠰᠲ᠋ᠧᠮ ᠤᠨ ᠲᠣᠲᠤᠷᠠᠬᠢ ᠠᠶᠢᠮᠠᠭ ᠬᠤᠲᠠ ᠶᠢᠨ ᠱᠠᠲᠤᠨ ᠤ 9 ᠪᠠᠶᠢᠭᠤᠯᠤᠮᠵᠢ ᠂ ᠬᠤᠰᠢᠭᠤ ᠰᠢᠶᠠᠨ ᠤ ᠱᠠᠲᠤᠨ ᠤ 40 ᠪᠠᠶᠢᠭᠤᠯᠤᠮᠵᠢ᠂ ᠰᠢᠰᠲ᠋ᠧᠮ ᠤᠨ ᠭᠠᠳᠠᠨᠠᠬᠢ 12 ᠪᠠᠶᠢᠭᠤᠯᠤᠮᠵᠢ ᠪᠣᠶ᠃      3.ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ᠃ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ ᠪᠠᠶᠢᠭᠤᠯᠤᠮᠵᠢ 30 ᠪᠠᠶᠢᠵᠤ ᠂ ᠡᠭᠦᠨ ᠳᠤ ᠰᠢᠰᠲ᠋ᠧᠮ ᠤᠨ ᠲᠣᠲᠤᠷᠠᠬᠢ ᠠᠶᠢᠮᠠᠭ ᠬᠤᠳᠠ ᠶᠢᠨ ᠱᠠᠲᠤᠨ ᠤ ᠪᠠᠶᠢᠭᠤᠯᠤᠮᠵᠢ 9 ᠂ ᠬᠤᠰᠢᠭᠤ ᠰᠢᠶᠠᠨ ᠤ ᠱᠠᠲᠤᠨ ᠤ ᠪᠠᠶᠢᠭᠤᠯᠤᠮᠵᠢ 5 ᠂ ᠰᠢᠰᠲ᠋ᠧᠮ ᠤᠨ ᠭᠠᠳᠠᠨᠠᠬᠢ ᠪᠠᠶᠢᠭᠤᠯᠤᠮᠵᠢ 16 ᠪᠤᠢ᠃      4.ᠤᠰᠤᠨ ᠭᠠᠷᠤᠯᠲᠠ ᠶᠢᠨ ᠳᠣᠲᠣᠷᠠᠬᠢ ᠡᠮ ᠤᠨ ᠵᠦᠢᠯ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ᠃ ᠤᠰᠤᠨ ᠭᠠᠷᠤᠯᠲᠠ ᠶᠢᠨ ᠳᠣᠲᠣᠷᠠᠬᠢ ᠡᠮ ᠤᠨ ᠵᠦᠢᠯ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠳᠤ 18 ᠪᠠᠶᠢᠭᠤᠯᠤᠮᠵᠢ ᠣᠷᠣᠯᠴᠠᠵᠤ᠂ ᠡᠭᠦᠨ ᠳᠤ ᠰᠢᠰᠲ᠋ᠧᠮ ᠤᠨ ᠲᠣᠲᠤᠷᠠᠬᠢ ᠠᠶᠢᠮᠠᠭ ᠬᠤᠲᠠ ᠶᠢᠨ ᠲᠠᠰ ᠤᠨ 7 ᠪᠠᠶᠢᠭᠤᠯᠤᠮᠵᠢ ᠂ ᠰᠢᠰᠲ᠋ᠧᠮ ᠤᠨ ᠭᠠᠳᠠᠨᠠᠬᠢ 11 ᠪᠠᠶᠢᠭᠤᠯᠤᠮᠵᠢ ᠪᠣᠶ᠃      5.ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ᠃ ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠳᠤ 20 ᠡᠷᠦᠬᠡ ᠣᠷᠣᠯᠴᠠᠵᠤ᠂ ᠡᠭᠦᠨ ᠳᠤ ᠰᠢᠰᠲ᠋ᠧᠮ ᠤᠨ ᠳᠣᠲᠤᠷᠠᠬᠢ ᠠᠶᠢᠮᠠᠭ ᠬᠤᠲᠠ ᠶᠢᠨ ᠱᠠᠲᠤᠨ ᠳᠤ 2 ᠪᠠᠶᠢᠭᠤᠯᠤᠮᠵᠢ᠂ ᠬᠤᠰᠢᠭᠤ ᠰᠢᠶᠠᠨ ᠤ ᠱᠠᠲᠤᠨ ᠳᠤ 5 ᠪᠠᠶᠢᠭᠤᠯᠤᠮᠵᠢ ᠂ ᠰᠢᠰᠲ᠋ᠧᠮ ᠤᠨ ᠭᠠᠳᠠᠨᠠᠬᠢ 13 ᠪᠠᠶᠢᠭᠤᠯᠤᠮᠵᠢ ᠪᠣᠶ᠃      ᠬᠤᠶᠠᠷ᠂ ᠰᠢᠯᠭᠠᠨ ᠬᠢᠨᠠᠭᠰᠠᠨ ᠦᠷ᠎ᠡ ᠳ᠋ᠦᠩ      2023 ᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ ᠪᠠᠶᠢᠭᠤᠯᠤᠮᠵᠢ ᠶᠢᠨ ᠳᠣᠲᠣᠷ᠎ᠠ᠂ ᠪᠦᠬᠦᠨ ᠢᠶᠠᠷ ᠢᠶᠠᠨ ᠬᠢᠷᠢ ᠲᠡᠩᠴᠡᠭᠰᠡᠨ ᠪᠠᠶᠢᠭᠤᠯᠤᠮᠵᠢ ᠨᠢ 48 ᠪᠠᠶᠢᠵᠤ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 64.0% ᠪᠣᠯᠣᠨ᠎ᠠ᠃ ᠡᠭᠦᠨ ᠳᠤ᠂ 1 ᠵᠦᠢᠯ ᠳᠤ ᠬᠢᠷᠢ ᠲᠡᠩᠴᠡᠭᠰᠡᠨ ᠦᠭᠡᠢ ᠨᠢ 17 ᠪᠠᠶᠢᠭᠤᠯᠤᠮᠵᠢ᠂ 2 ᠵᠦᠢᠯ ᠳᠤ ᠬᠢᠷᠢ ᠲᠡᠩᠴᠡᠭᠰᠡᠨ ᠦᠭᠡᠢ ᠨᠢ 8 ᠪᠠᠶᠢᠭᠤᠯᠤᠮᠵᠢ ᠂ 3 ᠵᠦᠢᠯ ᠳᠤ ᠬᠢᠷᠢ ᠲᠡᠩᠴᠡᠭᠰᠡᠨ ᠦᠭᠡᠢ ᠨᠢ 2 ᠪᠠᠶᠢᠭᠤᠯᠤᠮᠵᠢ ᠪᠣᠶ᠃ 2022 ᠣᠨ᠂ 2023 ᠣᠨ ᠤ ᠬᠤᠶᠠᠷ ᠵᠢᠯ ᠤᠨ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠴᠥᠮ ᠬᠢᠷᠢ ᠲᠡᠩᠴᠡᠭᠰᠡᠨ ᠦᠭᠡᠢ ᠨᠢ 11 ᠪᠠᠶᠢᠭᠤᠯᠤᠮᠵᠢ ᠪᠣᠶ᠂ ᠪᠣᠳᠠᠲᠠᠢ ᠦᠷ᠎ᠡ ᠳ᠋ᠦᠩ ᠢ ᠳᠠᠭᠠᠯᠳᠤᠭᠤᠯᠤᠯ 1᠂ ᠳᠠᠭᠠᠯᠳᠤᠭᠤᠯᠤᠯ 2 ᠪᠠ ᠳᠠᠭᠠᠯᠳᠤᠭᠤᠯᠤᠯ 3 ᠳᠤ ᠨᠠᠷᠢᠪᠴᠢᠯᠠᠨ ᠦᠵᠡᠭᠡᠷᠡᠢ᠃      ︵ᠨᠢᠭᠡ︶ ᠥᠯᠢᠭᠡᠷ ᠡᠳ᠋ ᠪᠡᠯᠡᠳᠬᠡᠬᠦ ᠴᠢᠳᠠᠪᠤᠷᠢ ᠶᠢ ᠰᠢᠯᠭᠠᠨ ᠪᠠᠲᠤᠯᠠᠬᠤ᠃ ᠥᠯᠢᠭᠡᠷ ᠡᠳ᠋ ᠪᠡᠯᠡᠳᠬᠡᠬᠦ ᠴᠢᠳᠠᠪᠤᠷᠢ ᠶᠢ ᠰᠢᠯᠭᠠᠨ ᠪᠠᠲᠤᠯᠠᠬᠤ ᠶᠢ ᠬᠤᠰᠢᠭᠤ ᠰᠢᠶᠠᠨ ᠤ ᠱᠠᠲᠤᠨ ᠤ ᠳᠤᠭᠤᠶᠢᠯᠠᠩ ᠳᠤ ᠬᠤᠪᠢᠶᠠᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠥᠯᠢᠭᠡᠷ ᠡᠳ᠋ ᠪᠡᠯᠡᠳᠬᠡᠬᠦ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠯᠢᠭᠡᠷ ᠡᠳ᠋ ᠪᠡᠯᠡᠳᠬᠡᠬᠦ ᠭᠡᠵᠦ ᠬᠤᠪᠢᠶᠠᠵᠤ᠂ ᠰᠢᠯᠭᠠᠨ ᠬᠢᠨᠠᠬᠤ ᠬᠡᠯᠪᠡᠷᠢ ᠳᠤ ᠬᠤᠣᠰ ᠮᠠᠰᠢᠨ ᠤ ᠬᠠᠷᠠᠭᠠᠨ ᠳᠠᠪᠲᠠᠮᠵᠢ ᠪᠠᠷ ᠲᠠᠰᠤᠷᠠᠯᠲᠠ ᠦᠭᠡᠢ ᠰᠢᠩᠭᠡᠬᠡᠨ ᠦᠢᠯᠡᠳᠬᠦ ᠶᠢ ᠬᠡᠷᠡᠭᠯᠡᠨ᠂  ᠸᠢᠳᠢᠣ᠋ ᠮᠠᠲ᠋ᠧᠷᠢᠶᠠᠯ ᠢᠶᠠᠷ ᠳᠡᠮᠵᠢᠨ ᠮᠡᠷᠭᠡᠵᠢᠯ ᠤᠨ ᠴᠢᠳᠠᠪᠤᠷᠢ ᠶᠢ ᠦᠨᠡᠯᠡᠨ ᠦᠨᠡᠯᠡᠵᠦ᠂ 80 ᠬᠤᠪᠢ  ᠠᠴᠠ ᠳᠡᠭᠡᠭᠰᠢᠬᠢ ᠶᠢ ᠬᠢᠷᠢ ᠲᠡᠩᠴᠡᠭᠰᠡᠨ ᠢᠶᠠᠷ ᠪᠤᠳᠤᠪᠠ ᠃ 41 ᠪᠠᠶᠢᠭᠤᠯᠤᠮᠵᠢ ᠲᠠᠷᠢᠶᠠᠯᠠᠩ ᠤᠨ ᠪᠦᠲᠦᠭᠡᠭᠳᠡᠬᠦᠨ ᠤ ᠦᠯᠢᠭᠡᠷ ᠡᠳ᠋ ᠪᠡᠯᠡᠳᠬᠡᠬᠦ ᠬᠢᠨᠠᠨ ᠰᠢᠯᠭᠠᠯᠲᠠ ᠳᠤ ᠣᠷᠣᠯᠴᠠᠵᠤ ᠂ 36 ᠪᠠᠶᠢᠴᠠᠭᠠᠨ ᠰᠢᠯᠭᠠᠬᠤ ᠪᠠᠶᠢᠭᠤᠯᠤᠮᠵᠢ ᠬᠢᠨᠠᠨ ᠰᠢᠯᠭᠠᠯᠲᠠ ᠳᠤ ᠬᠢᠷᠢ ᠲᠡᠩᠴᠡᠵᠦ ᠂ 5 ᠪᠠᠶᠢᠭᠤᠯᠤᠮᠵᠢ ᠨᠢ ᠬᠢᠷᠢ ᠲᠡᠩᠴᠡᠭᠰᠡᠨ ᠦᠭᠡᠢ ᠂ ᠬᠢᠷᠢ ᠲᠡᠩᠴᠡᠭᠰᠡᠨ ᠨᠤᠷᠮ᠎ᠠ ᠨᠢ 87.8% ᠳᠤ ᠬᠦᠷᠴᠡᠢ ᠃ 11 ᠪᠠᠶᠢᠭᠤᠯᠤᠮᠵᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠯᠢᠭᠡᠷ ᠡᠳ᠋ ᠪᠡᠯᠡᠳᠬᠡᠬᠦ ᠬᠢᠨᠠᠨ ᠰᠢᠯᠭᠠᠯᠲᠠ ᠳᠤ ᠣᠷᠣᠯᠴᠠᠵᠤ᠂ 10 ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ 1 ᠪᠠᠶᠢᠭᠤᠯᠤᠮᠵᠢ ᠬᠢᠷᠢ ᠲᠡᠩᠴᠡᠭᠰᠡᠨ ᠦᠭᠡᠢ᠂ ᠬᠢᠷᠢ ᠲᠡᠩᠴᠡᠭᠰᠡᠨ ᠨᠣᠷᠮ᠎ᠠ ᠨᠢ 90.9% ᠳᠤ ᠬᠥᠷᠪᠡ᠃      ︵ᠬᠤᠶᠠᠷ︶ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ᠃ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠡᠮ ᠤᠨ ᠦᠯᠡᠳᠡᠭᠳᠡᠯ ᠤᠨ ᠴᠢᠳᠠᠪᠤᠷᠢ ᠶᠢᠨ ᠰᠢᠯᠭᠠᠨ ᠪᠠᠲᠤᠯᠠᠯᠲᠠ ᠶᠢ ᠢᠳᠡᠰᠢᠨ ᠨᠣᠭᠤᠭᠠᠨ ᠤ ᠰᠠᠭᠤᠷᠢ ᠡᠳ᠋ ᠲᠤ ᠪᠠᠷᠢᠮᠵᠢᠶᠠᠲᠤ ᠠᠭᠤᠰᠤᠮᠠᠯ ᠨᠡᠮᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠂ ᠦᠷ᠎ᠡ ᠳ᠋ᠦᠩ ᠳᠤ ᠪᠤᠴᠠᠭᠠᠨ ᠬᠤᠷᠢᠶᠠᠬᠤ ᠨᠤᠷᠮ᠎ᠠ  ᠨᠢ 70% ~ 130% ᠶᠢᠨ ᠬᠡᠪᠴᠢᠶᠡᠨ ᠳᠣᠲᠣᠷ᠎ᠠ ᠬᠢᠷᠢ ᠲᠡᠩᠴᠡᠭᠰᠡᠨ ᠢᠶᠠᠷ ᠪᠤᠳᠤᠪᠠ ᠃ 61 ᠪᠠᠶᠢᠴᠠᠭᠠᠨ ᠰᠢᠯᠭᠠᠬᠤ ᠪᠠᠶᠢᠭᠤᠯᠤᠮᠵᠢ ᠲᠣᠰ ᠲᠥᠷᠥᠯ ᠤᠨ ᠬᠢᠨᠠᠨ ᠰᠢᠯᠭᠠᠯᠲᠠ ᠳᠤ ᠣᠷᠣᠯᠴᠠᠵᠤ᠂ 44 ᠪᠠᠶᠢᠴᠠᠭᠠᠨ ᠰᠢᠯᠭᠠᠬᠤ ᠪᠠᠶᠢᠭᠤᠯᠤᠮᠵᠢ ᠬᠢᠨᠠᠨ ᠰᠢᠯᠭᠠᠯᠲᠠ ᠳᠤ ᠬᠢᠷᠢ ᠲᠡᠩᠴᠡᠵᠦ᠂ 17 ᠪᠠᠶᠢᠴᠠᠭᠠᠨ ᠰᠢᠯᠭᠠᠬᠤ ᠪᠠᠶᠢᠭᠤᠯᠤᠮᠵᠢ ᠬᠢᠷᠢ ᠲᠡᠩᠴᠡᠭᠰᠡᠨ ᠦᠭᠡᠢ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 72.1% ᠬᠦᠷᠪᠡ ᠃ ᠡᠭᠦᠨ ᠳᠤ᠂ ᠲᠣᠰ ᠵᠦᠢᠯ ᠤᠨ ᠰᠢᠯᠭᠠᠨ ᠬᠢᠨᠠᠬᠤ ᠳᠤ ᠣᠷᠣᠯᠴᠠᠭᠰᠠᠨ ᠰᠢᠰᠲ᠋ᠧᠮ ᠤᠨ ᠳᠣᠲᠣᠷᠠᠬᠢ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 100%᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 65.0%᠂ ᠰᠢᠰᠲ᠋ᠧᠮ ᠤᠨ ᠭᠠᠳᠠᠨᠠᠬᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 75.0% ᠪᠣᠯᠣᠨ᠎ᠠ᠃      ︵ᠭᠤᠷᠪᠠ︶ ᠮᠠᠯ ᠵᠢᠭᠦᠷᠲᠡᠨ ᠤ ᠠᠰᠢᠭ ᠰᠢᠮ᠎ᠡ ᠶᠢᠨ ᠳᠣᠲᠣᠷᠠᠬᠢ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ᠃ ᠮᠠᠯ ᠵᠢᠭᠦᠷᠲᠡᠨ ᠤ ᠠᠰᠢᠭ ᠰᠢᠮ᠎ᠡ ᠶᠢᠨ ᠮᠠᠯ ᠤᠨ ᠡᠮ ᠤᠨ ᠦᠯᠡᠳᠡᠭᠳᠡᠯ ᠤᠨ ᠴᠢᠳᠠᠪᠤᠷᠢ ᠶᠢ ᠰᠢᠯᠭᠠᠨ ᠭᠡᠷᠡᠴᠢᠯᠡᠬᠦ ᠳᠤ ᠭᠠᠭ᠋ᠠᠢ ᠶᠢᠨ ᠮᠢᠬᠠᠨ ᠤ ᠰᠠᠭᠤᠷᠢ ᠡᠳ᠋ ᠲᠤ ᠪᠠᠷᠢᠮᠵᠢᠶᠠᠲᠤ ᠠᠭᠤᠰᠤᠮᠠᠯ ᠨᠡᠮᠡᠬᠦ ᠠᠷᠭ᠎ᠠ ᠮᠠᠶ᠋ᠢᠭ ᠢᠶᠠᠷ ᠶᠠᠪᠤᠬᠳᠠᠭᠤᠯᠵᠤ᠂ ᠦᠷ᠎ᠡ ᠳ᠋ᠦᠩ  ᠢ ᠪᠤᠴᠠᠭᠠᠨ ᠬᠤᠷᠢᠶᠠᠭᠰᠠᠨ ᠨᠣᠷᠮ᠎ᠠ  ᠨᠢ 60%~120% ᠶᠢᠨ ᠬᠡᠪᠴᠢᠶᠡᠨ ᠳᠣᠲᠣᠷ᠎ᠠ ᠬᠢᠷᠢ ᠲᠡᠩᠴᠡᠭᠰᠡᠨ ᠢᠶᠠᠷ  ᠪᠤᠳᠤᠪᠠ ᠂ 30 ᠪᠠᠶᠢᠴᠠᠭᠠᠨ ᠰᠢᠯᠭᠠᠬᠤ ᠪᠠᠶᠢᠭᠤᠯᠤᠮᠵᠢ ᠲᠣᠰ ᠲᠥᠷᠥᠯ ᠤᠨ ᠬᠢᠨᠠᠨ ᠰᠢᠯᠭᠠᠯᠲᠠ ᠳᠤ ᠣᠷᠣᠯᠴᠠᠵᠤ᠂ 23 ᠪᠠᠶᠢᠴᠠᠭᠠᠨ ᠰᠢᠯᠭᠠᠬᠤ ᠪᠠᠶᠢᠭᠤᠯᠤᠮᠵᠢ ᠬᠢᠨᠠᠨ ᠰᠢᠯᠭᠠᠯᠲᠠ ᠳᠤ ᠬᠢᠷᠢ ᠲᠡᠩᠴᠡᠵᠦ᠂ 7 ᠡᠷᠦᠬᠡ ᠬᠢᠷᠢ ᠲᠡᠩᠴᠡᠭᠰᠡᠨ ᠦᠭᠡᠢ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 76.7% ᠪᠣᠯᠣᠨ᠎ᠠ᠃ ᠡᠭᠦᠨ ᠳᠤ᠂ ᠲᠣᠰ ᠵᠦᠢᠯ ᠤᠨ ᠬᠢᠨᠠᠨ ᠰᠢᠯᠭᠠᠯᠲᠠ ᠳᠤ ᠣᠷᠣᠯᠴᠠᠭᠰᠠᠨ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ 77.8% ᠪᠣᠯᠣᠨ᠎ᠠ᠃ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ 60.0%︔ ᠰᠢᠰᠲ᠋ᠧᠮ ᠤᠨ ᠭᠠᠳᠠᠨᠠᠬᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ 81.2% ᠪᠣᠯᠣᠨ᠎ᠠ᠃      ︵ᠳᠥᠷᠪᠡ︶ ᠤᠰᠤᠨ ᠭᠠᠷᠤᠯᠲᠠ ᠶᠢᠨ ᠳᠣᠲᠣᠷᠠᠬᠢ ᠡᠮ ᠤᠨ ᠵᠦᠢᠯ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ᠃ ᠤᠰᠤᠨ ᠭᠠᠷᠤᠯᠲᠠ ᠶᠢᠨ ᠡᠮ ᠤᠨ ᠦᠯᠡᠳᠡᠭᠳᠡᠯ ᠤᠨ ᠴᠢᠳᠠᠪᠤᠷᠢ ᠶᠢ ᠰᠢᠯᠭᠠᠨ ᠪᠠᠲᠤᠯᠠᠬᠤ ᠳᠤ ᠮᠥᠷᠭᠦ ᠵᠢᠭᠠᠰᠤᠨ ᠤ ᠰᠠᠭᠤᠷᠢ ᠡᠳ᠋ ᠲᠤ ᠪᠠᠷᠢᠮᠵᠢᠶᠠᠲᠤ ᠠᠭᠤᠰᠤᠮᠠᠯ ᠨᠡᠮᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠂ ᠡᠭᠦᠨ ᠤ ᠳ᠋ᠦᠩ ᠳᠤ ᠪᠤᠴᠠᠭᠠᠨ ᠬᠤᠷᠢᠶᠠᠬᠤ ᠨᠣᠷᠮ᠎ᠠ  ᠨᠢ 70%~110% ᠶᠢᠨ ᠬᠡᠪᠴᠢᠶᠡᠨ ᠳᠣᠲᠣᠷ᠎ᠠ ᠬᠢᠷᠢ ᠲᠡᠩᠴᠡᠭᠰᠡᠨ ᠢᠶᠠᠷ ᠪᠤᠳᠤᠪᠠ ᠃18 ᠪᠠᠶᠢᠴᠠᠭᠠᠨ ᠰᠢᠯᠭᠠᠬᠤ ᠪᠠᠶᠢᠭᠤᠯᠤᠮᠵᠢ ᠲᠣᠰ ᠲᠥᠷᠥᠯ ᠤᠨ ᠬᠢᠨᠠᠨ ᠰᠢᠯᠭᠠᠯᠲᠠ ᠳᠤ ᠣᠷᠣᠯᠴᠠᠵᠤ᠂ 16 ᠪᠠᠶᠢᠴᠠᠭᠠᠨ ᠰᠢᠯᠭᠠᠬᠤ ᠪᠠᠶᠢᠭᠤᠯᠤᠮᠵᠢ ᠬᠢᠨᠠᠨ ᠰᠢᠯᠭᠠᠯᠲᠠ ᠳᠤ ᠬᠢᠷᠢ ᠲᠡᠩᠴᠡᠵᠦ᠂ 2 ᠨᠢ ᠬᠢᠷᠢ ᠲᠡᠩᠴᠡᠭᠰᠡᠨ ᠦᠭᠡᠢ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 88.9% ᠪᠣᠯᠣᠨ᠎ᠠ᠃ᠡᠭᠦᠨ ᠳᠤ᠂ ᠲᠣᠰ ᠵᠦᠢᠯ ᠤᠨ ᠬᠢᠨᠠᠨ ᠰᠢᠯᠭᠠᠯᠲᠠ ᠳᠤ ᠣᠷᠣᠯᠴᠠᠭᠰᠠᠨ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ 85.7%᠂ ᠰᠢᠰᠲ᠋ᠧᠮ ᠤᠨ ᠭᠠᠳᠠᠨᠠᠬᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ 90.9% ᠪᠣᠯᠣᠨ᠎ᠠ᠃      ︵ᠲᠠᠪᠤ︶ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠬᠦᠨᠳᠦ ᠲᠡᠮᠦᠷᠯᠢᠭ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ᠃ ᠲᠠᠷᠢᠶᠠᠯᠠᠩ ᠤᠨ ᠪᠦᠲᠦᠭᠡᠭᠳᠡᠬᠦᠨ ᠤ ᠬᠦᠨᠳᠦ ᠲᠡᠮᠦᠷᠯᠢᠭ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠳᠤ ᠲᠤᠲᠤᠷᠭ᠎ᠠ ᠶᠢᠨ ᠭᠤᠯᠢᠷ ᠤᠨ ᠪᠠᠷᠢᠮᠵᠢᠶᠠᠲᠤ ᠪᠣᠳᠠᠰ ᠢ ᠰᠢᠭᠤᠳ ᠬᠡᠮᠵᠢᠨ ᠲᠣᠭᠲᠠᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠂ ᠪᠠᠷᠢᠮᠵᠢᠶᠠᠲᠤ ᠬᠡᠮᠵᠢᠭᠳᠡᠯ ᠤᠨ ᠵᠥᠷᠢᠶ᠎ᠡ ᠶᠢᠨ ᠬᠡᠪᠴᠢᠶ᠎ᠡ ᠪᠠᠷ ᠮᠠᠭᠠᠳᠯᠠᠨ ᠲᠣᠭᠲᠠᠭᠠᠬᠤ ᠦᠨᠳᠦᠰᠦᠯᠡᠯ ᠪᠤᠯᠭᠠᠪᠠ ᠃ 20 ᠪᠠᠶᠢᠴᠠᠭᠠᠨ ᠰᠢᠯᠭᠠᠬᠤ ᠪᠠᠶᠢᠭᠤᠯᠤᠮᠵᠢ ᠲᠣᠰ ᠵᠦᠢᠯ ᠤᠨ ᠬᠢᠨᠠᠨ ᠰᠢᠯᠭᠠᠯᠲᠠ ᠳᠤ ᠣᠷᠣᠯᠴᠠᠵᠤ᠂ 13 ᠪᠠᠶᠢᠴᠠᠭᠠᠨ ᠰᠢᠯᠭᠠᠬᠤ ᠪᠠᠶᠢᠭᠤᠯᠤᠮᠵᠢ ᠬᠢᠨᠠᠨ ᠰᠢᠯᠭᠠᠯᠲᠠ ᠳᠤ ᠬᠢᠷᠢ ᠲᠡᠩᠴᠡᠵᠦ᠂ 7 ᠪᠠᠶᠢᠴᠠᠭᠠᠨ ᠰᠢᠯᠭᠠᠬᠤ ᠪᠠᠶᠢᠭᠤᠯᠤᠮᠵᠢ ᠬᠢᠷᠢ ᠲᠡᠩᠴᠡᠭᠰᠡᠨ ᠦᠭᠡᠢ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 65.0% ᠪᠣᠯᠣᠨ᠎ᠠ᠃ ᠡᠭᠦᠨ ᠳᠤ᠂ ᠲᠣᠰ ᠵᠦᠢᠯ ᠤᠨ ᠬᠢᠨᠠᠨ ᠰᠢᠯᠭᠠᠯᠲᠠ ᠳᠤ ᠣᠷᠣᠯᠴᠠᠭᠰᠠᠨ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 100%᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 20.0%᠂ ᠰᠢᠰᠲ᠋ᠧᠮ ᠤᠨ ᠭᠠᠳᠠᠨᠠᠬᠢ ᠬᠢᠷᠢ ᠲᠡᠩᠴᠡᠭᠰᠡᠨ ᠨᠣᠷᠮ᠎ᠠ ᠨᠢ 76.9% ᠪᠣᠯᠣᠨ᠎ᠠ᠃      ᠭᠤᠷᠪᠠ᠂ ᠦᠷ᠎ᠡ ᠳ᠋ᠦᠩ ᠤᠨ ᠵᠠᠳᠠᠯᠤᠯᠲᠠ      ︵ᠨᠢᠭᠡ︶ ᠪᠠᠶᠢᠴᠠᠭᠠᠨ ᠰᠢᠯᠭᠠᠬᠤ ᠪᠠᠷᠢᠮᠵᠢᠶ᠎ᠠ ᠶᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠤᠭᠰᠠᠨ᠃ ᠣᠨᠴᠠ ᠵᠠᠷᠢᠮ ᠪᠠᠶᠢᠭᠤᠯᠤᠮᠵᠢ ᠳᠤ ᠪᠠᠷᠢᠮᠵᠢᠶᠠᠲᠤ ᠮᠤᠷᠤᠢ ᠱᠤᠭᠤᠮ ᠤᠨ ᠥᠳᠬᠡᠴᠡ ᠶᠢᠨ ᠬᠡᠮᠵᠢᠶ᠎ᠡ ᠶᠢᠨ ᠲᠣᠬᠢᠷᠠᠭᠤᠯᠤᠯᠲᠠ ᠵᠣᠬᠢᠰ ᠦᠭᠡᠢ ᠪᠠᠶᠢᠬᠤ ᠠᠰᠠᠭᠤᠳᠠᠯ ᠢᠯᠡᠷᠡᠵᠦ ᠪᠠᠶᠢᠨ᠎ᠠ᠃      ︵ᠬᠤᠶᠠᠷ︶ ᠶᠠᠰᠤ ᠴᠢᠨᠠᠷ ᠢ ᠡᠵᠡᠮᠳᠡᠬᠦ ᠦᠵᠡᠯ ᠤᠬᠠᠮᠰᠠᠷ ᠢᠶᠠᠷ ᠴᠢᠩᠭ᠎ᠠ ᠪᠢᠰᠢ᠃ ᠣᠨᠴᠠ ᠵᠠᠷᠢᠮ ᠪᠠᠶᠢᠭᠤᠯᠤᠮᠵᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠠᠵᠢᠯᠯᠠᠭᠠᠨ ᠳᠤ ᠳᠤᠲᠠᠭᠳᠠᠯ ᠲᠠᠢ ᠪᠠᠶᠢᠵᠤ᠂ ᠲᠤᠰᠢᠶᠠᠭᠰᠠᠨ ᠮᠠᠲ᠋ᠧᠷᠢᠶᠠᠯ ᠤᠨ ᠮᠡᠳᠡᠭᠡ ᠵᠠᠩᠭᠢ ᠨᠢ ᠪᠦᠷᠢᠨ ᠪᠤᠰᠤ ᠪᠠᠶᠢᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠡᠷᠢᠬᠦ ᠶᠢᠨ ᠠᠷᠭ᠎ᠠ ᠦᠭᠡᠢ ᠪᠤᠶᠤ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠭᠰᠠᠨ ᠶᠠᠰᠤ ᠴᠢᠨᠠᠷ ᠤᠨ ᠡᠵᠡᠮᠳᠡᠯ ᠤᠨ ᠪᠠᠶᠢᠳᠠᠯ ᠢ ᠢᠯᠡᠷᠡᠭᠦᠯᠬᠦ ᠶᠢᠨ ᠠᠷᠭ᠎ᠠ ᠦᠭᠡᠢ ᠪᠠᠶᠢᠨ᠎ᠠ᠃      ︵ᠭᠤᠷᠪᠠ︶ ᠰᠠᠭᠤᠷᠢ ᠮᠡᠳᠡᠯᠭᠡ ᠯᠠᠪᠳᠠᠭᠤᠨ ᠪᠠᠲᠤᠲᠠᠢ ᠪᠢᠰᠢ ᠃ ᠬᠡᠰᠡᠭ ᠪᠠᠶᠢᠴᠠᠭᠠᠨ ᠰᠢᠯᠭᠠᠬᠤ ᠠᠵᠢᠯᠲᠠᠨ ᠤ ᠥᠯᠢᠭᠡᠷ ᠡᠳ᠋ ᠪᠡᠯᠡᠳᠬᠡᠬᠦ ᠪᠠ ᠪᠠᠶᠢᠴᠠᠭᠠᠨ ᠰᠢᠯᠭᠠᠬᠤ ᠮᠡᠷᠭᠡᠵᠢᠯ ᠤᠨ ᠲᠤᠰᠬᠠᠢ ᠮᠡᠷᠭᠡᠵᠢᠯ ᠤᠨ ᠮᠡᠳᠡᠯᠭᠡ ᠨᠢ ᠯᠠᠪᠳᠠᠭᠤᠨ ᠪᠠᠲᠤᠲᠠᠢ ᠪᠢᠰᠢ ᠪᠠᠶᠢᠵᠤ᠂ ᠥᠯᠢᠭᠡᠷ ᠡᠳ᠋ ᠪᠡᠯᠡᠳᠬᠡᠬᠦ  ᠨᠢ ᠵᠢᠷᠤᠮᠵᠢᠯ ᠦᠭᠡᠢ᠂ ᠪᠠᠶᠢᠴᠠᠭᠠᠨ ᠰᠢᠯᠭᠠᠬᠤ ᠲᠥᠷᠥᠯ ᠵᠦᠢᠯ ᠤᠨ ᠪᠣᠯᠵᠣᠯᠲᠤ ᠲᠤᠭ᠎ᠠ ᠶᠢ ᠢᠯᠭᠠᠨ ᠲᠠᠨᠢᠭᠰᠠᠨ ᠨᠢ ᠪᠤᠷᠤᠭᠤ᠂ ᠥᠩᠭᠡ ᠵᠢᠭᠰᠠᠯ ᠤᠨ ᠣᠷᠭᠢᠯ ᠬᠡᠯᠪᠡᠷᠢ ᠨᠢ ᠮᠠᠭᠤ  ᠠᠴᠠ ᠪᠣᠯᠵᠤ ᠲᠣᠭᠲᠠᠭᠰᠠᠨ ᠬᠡᠮᠵᠢᠶ᠎ᠡ ᠨᠢ ᠣᠨᠣᠪᠴᠢ ᠦᠭᠡᠢ ᠪᠣᠯᠤᠭᠰᠠᠨ᠂ ᠦᠷ᠎ᠡ ᠳ᠋ᠦᠩ ᠤᠨ ᠳᠠᠪᠲᠠᠯᠲᠠ ᠶᠢᠨ ᠴᠢᠨᠠᠷ ᠤᠨ ᠵᠥᠷᠢᠶ᠎ᠡ ᠨᠡᠯᠢᠶᠡᠳ ᠶᠡᠭᠡ ᠪᠣᠯᠤᠭᠰᠠᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      ᠳᠥᠷᠪᠡ᠂ ᠴᠢᠳᠠᠪᠤᠷᠢ ᠶᠢ ᠰᠢᠯᠭᠠᠨ ᠪᠠᠲᠤᠯᠠᠭᠰᠠᠨ ᠦᠷ᠎ᠡ ᠳ᠋ᠦᠩ ᠤᠨ ᠬᠡᠷᠡᠭᠯᠡᠯᠲᠡ      ︵ᠨᠢᠭᠡ︶ 2023 ᠣᠨ ᠤ ᠴᠢᠳᠠᠪᠤᠷᠢ ᠶᠢ ᠰᠢᠯᠭᠠᠨ ᠪᠠᠲᠤᠯᠠᠵᠤ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠭᠡᠢ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠮᠡᠳᠡᠭᠦᠯᠦᠯᠲᠡ ᠪᠠᠨ ᠲᠤᠰᠢᠶᠠᠵᠤ᠂  ᠭᠡᠨᠡᠳᠡᠭᠦᠯᠦᠨ ᠪᠠᠶᠢᠴᠠᠭᠠᠯᠲᠠ ᠶᠢ ᠬᠦᠯᠢᠶᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠡᠭᠦᠨ ᠳᠤ᠂ 2023 ᠣᠨ ᠤ ᠴᠢᠳᠠᠪᠤᠷᠢ ᠶᠢ ᠰᠢᠯᠭᠠᠨ ᠪᠠᠲᠤᠯᠠᠵᠤ ᠰᠢᠯᠭᠠᠨ ᠬᠢᠨᠠᠬᠤ ᠳᠤ ᠬᠢᠷᠢ ᠲᠡᠩᠴᠡᠬᠦ ᠦᠭᠡᠢ ᠵᠦᠢᠯ ᠪᠠᠶᠢᠬᠤ ᠮᠥᠷᠲᠡᠭᠡᠨ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠪᠠᠶᠢᠴᠠᠭᠠᠨ ᠰᠢᠯᠭᠠᠬᠤ ᠡᠭᠦᠷᠭᠡ ᠶᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ ᠳᠤ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠨ ᠲᠣᠭᠲᠠᠭᠠᠭᠴᠢ ᠶᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ᠨᠢ ᠬᠢᠨᠠᠨ ᠪᠠᠶᠢᠴᠠᠭᠠᠯᠲᠠ ᠬᠢᠵᠦ᠂ ᠲᠤᠬᠠᠢ ᠶᠢᠨ ᠲᠠᠯᠠᠪᠤᠷ ᠲᠤ ᠨᠢ ᠬᠢᠨᠠᠨ ᠪᠠᠶᠢᠴᠠᠭᠠᠭᠠᠳ ᠬᠢᠷᠢ ᠲᠡᠩᠴᠡᠬᠦ ᠦᠭᠡᠢ ᠪᠣᠯ ᠳᠠᠷᠠᠭ᠎ᠠ ᠨᠢᠭᠡ ᠵᠢᠯ ᠤᠨ ᠡᠭᠦᠷᠭᠡ ᠡᠭᠦᠷᠭᠡᠯᠡᠬᠦ ᠬᠢᠷᠢ ᠬᠡᠮ ᠢ ᠨᠢ ᠬᠠᠰᠤᠨ᠎ᠠ᠃      ︵ᠬᠤᠶᠠᠷ︶ 2022᠂ 2023 ᠣᠨ ᠤ ᠬᠤᠶᠠᠷ ᠵᠢᠯ ᠳᠠᠷᠠᠭᠠᠯᠠᠨ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠨᠢ᠂ ᠠᠶᠠᠨᠳᠠᠭᠠᠨ ᠡᠭᠦᠰᠦᠭᠰᠡᠨ ᠪᠢᠴᠢᠭ ᠮᠠᠲ᠋ᠧᠷᠢᠶᠠᠯ ᠤᠨ ᠡᠳᠦᠷ ᠠᠴᠠ ᠡᠬᠢᠯᠡᠨ ᠬᠠᠭᠠᠰ ᠵᠢᠯ ᠤᠨ ᠳᠣᠲᠣᠷ᠎ᠠ CATL ᠪᠠᠶᠢᠴᠠᠭᠠᠨ ᠰᠢᠯᠭᠠᠬᠤ ᠲᠤᠰᠬᠠᠢ ᠲᠠᠮᠠᠭ᠎ᠠ ᠪᠠᠷ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠭᠠᠷᠭᠠᠬᠤ ᠶᠢᠨ ᠬᠠᠮᠲᠤ ᠥᠪᠡᠷ ᠢᠶᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠪᠠᠶᠢᠴᠠᠭᠠᠨ ᠰᠢᠯᠭᠠᠬᠤ ᠮᠡᠷᠭᠡᠵᠢᠯ ᠤᠨ ᠪᠤᠯᠪᠠᠰᠤᠷᠠᠯ ᠢ ᠥᠷᠨᠢᠭᠦᠯᠵᠦ ᠪᠣᠯᠬᠤ ᠦᠭᠡᠢ᠃ ᠴᠡᠭᠴᠡᠯᠡᠨ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠲᠤᠬᠠᠢ ᠶᠢᠨ ᠲᠠᠯᠠᠪᠠᠶ ᠶᠢᠨ ᠬᠠᠷᠭᠤᠭᠤᠯᠤᠨ ᠪᠠᠶᠢᠴᠠᠭᠠᠯᠭᠠᠬᠤ ᠭᠤᠶᠤᠴᠢᠯᠠᠯ ᠢᠶᠠᠨ ᠲᠤᠰᠢᠶᠠᠵᠤ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠲᠤᠬᠠᠢ ᠶᠢᠨ ᠲᠠᠯᠠᠪᠠᠶ ᠶᠢᠨ ᠪᠠᠷᠢᠮᠵᠢᠶ᠎ᠠ ᠶᠢ ᠨᠡᠮᠡᠵᠦ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠢ ᠶᠢᠨ ᠲᠠᠯᠠᠪᠠᠶ ᠶᠢᠨ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ CATL ᠬᠢᠷᠢ ᠬᠡᠮ ᠤᠨ ᠳᠣᠲᠣᠷᠠᠬᠢ ᠬᠠᠮᠢᠶ᠎ᠠ ᠪᠦᠬᠦᠢ ᠲᠥᠷᠥᠯ ᠵᠦᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠬᠦᠴᠦᠨ ᠦᠭᠡᠢ ᠪᠣᠯᠭᠠᠨ᠎ᠠ᠃      ︵ᠭᠤᠷᠪᠠ︶ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠬᠤᠶᠠᠷ ᠵᠢᠯ ᠳᠠᠷᠠᠭᠠᠯᠠᠨ  ᠤᠷᠤᠯᠴᠠᠭᠰᠠᠨ ᠦᠭᠡᠢ ᠦᠨᠡᠮᠯᠡᠯ ᠲᠠᠢ ᠪᠠᠶᠢᠭᠤᠯᠤᠮᠵᠢ ᠨᠢ ᠳᠠᠷᠠᠭ᠎ᠠ ᠤᠳᠠᠭᠠᠨ ᠤ ᠴᠢᠳᠠᠪᠤᠷᠢ ᠶᠢᠨ ᠰᠢᠯᠭᠠᠨ ᠪᠠᠲᠤᠯᠠᠯᠲᠠ ᠶᠢᠨ ᠰᠢᠯᠭᠠᠨ ᠪᠠᠶᠢᠴᠠᠭᠠᠯᠲᠠ ᠳᠤ ᠣᠷᠣᠯᠴᠠᠬᠤ ᠠᠴᠠ ᠪᠠᠨ ᠡᠮᠦᠨ᠎ᠡ CATL ᠰᠢᠯᠭᠠᠨ ᠪᠠᠶᠢᠴᠠᠭᠠᠯᠲᠠ ᠶᠢᠨ ᠲᠤᠰᠬᠠᠢ ᠲᠠᠮᠠᠭ᠎ᠠ ᠪᠠᠷ ᠲᠠᠷᠢᠶᠠᠯᠠᠩ ᠤᠨ ᠪᠦᠲᠦᠭᠡᠭᠳᠡᠬᠦᠨ ᠤ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠵᠤ ᠪᠣᠯᠬᠤ ᠦᠭᠡᠢ᠃      ᠬᠠᠷᠢᠯᠴᠠᠬᠤ ᠬᠥᠮᠥᠨ᠄ ᠵᠠᠩ ᠰᠢᠨ ᠰᠢᠨ       ᠬᠠᠷᠢᠯᠴᠠᠬᠤ ᠤᠲᠠᠰᠤ᠄ 0471︱2947306   18686086469      ᠢᠮᠧᠯ᠄ nmgnmtjgc@163.com       ᠳᠠᠭᠠᠯᠳᠤᠭᠤᠯᠤᠯ᠄ 1.2023 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠳᠤ ᠬᠢᠷᠢ ᠲᠡᠩᠴᠡᠭᠰᠡᠨ ᠪᠠᠶᠢᠭᠤᠯᠤᠮᠵᠢ ᠶᠢᠨ ᠨᠡᠷᠡᠰ      2.2023 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠳᠤ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠶᠢᠨ ᠨᠡᠷᠡᠰ      3.ᠬᠤᠶᠠᠷ ᠵᠢᠯ ᠳᠠᠷᠠᠭᠠᠯᠠᠨ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠳᠤ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠶᠢᠨ ᠨᠡᠷᠡᠰ      4.ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠬᠤᠶᠠᠷ ᠵᠢᠯ ᠳᠠᠷᠠᠭᠠᠯᠠᠨ ᠣᠷᠣᠯᠴᠠᠭᠰᠠᠨ ᠦᠭᠡᠢ ᠦᠨᠡᠮᠯᠡᠯ  ᠲᠠᠢ ᠪᠠᠶᠢᠭᠤᠯᠤᠮᠵᠢ ᠶᠢᠨ ᠨᠡᠷᠡᠰ                           ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                          ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                     2023 ᠣᠨ ᠤ 5 ᠰᠠᠷ᠎ᠠ ᠶᠢᠨ 24 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号