ᠬᠤᠴᠠ ᠶᠢᠨ ᠠᠷᠠᠴᠢᠯᠠᠭ᠎ᠠ ᠲᠤᠳᠤᠮᠳᠤᠯᠭ᠎ᠠ
ᠨᠡᠶᠢᠲᠡᠯᠡᠭᠰᠡᠨ ᠴᠠᠭ᠄
2023/5/24
      ᠶᠡᠷᠦ ᠶᠢᠨ ᠦᠭᠡᠨ ᠳᠤ ᠄ ︽ ᠬᠤᠴᠠ ᠰᠠᠶᠢᠨ ᠪᠣᠯ᠂ ᠨᠢᠭᠡ ᠦᠶ᠎ᠡ ᠰᠠᠶᠢᠨ ︾ ᠭᠡᠵᠦ ᠬᠡᠯᠡᠳᠡᠭ ᠃ ᠡᠭᠦᠨ ᠠᠴᠠ ᠬᠤᠴᠠ ᠶᠢᠨ ᠴᠢᠨᠠᠷ ᠴᠢᠨᠰᠠᠭ᠎ᠠ ᠶᠢᠨ ᠰᠠᠶᠢᠨ ᠮᠠᠭᠤ ᠨᠢ ᠬᠤᠶᠢᠴᠢ ᠦᠶ᠎ᠡ ᠳᠡᠭᠡᠨ ᠦᠵᠡᠭᠦᠯᠬᠦ ᠦᠢᠯᠡᠳᠦᠯ ᠨᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠠᠵᠤ ᠠᠬᠤᠢ ᠶᠢᠨ ᠦᠷ᠎ᠡ ᠠᠰᠢᠭ ᠢ ᠶᠡᠭᠡ ᠪᠠᠷ ᠨᠥᠯᠥᠭᠡᠯᠡᠬᠦ ᠶᠢ ᠮᠡᠳᠡᠵᠦ ᠪᠣᠯᠣᠨ᠎ᠠ ᠃ ᠡᠶᠢᠮᠦ ᠠᠴᠠ ᠬᠤᠴᠠ  ᠶᠢ ᠨᠠᠷᠢᠨ ᠨᠢᠮᠪᠠᠢ ᠰᠠᠶᠢᠲᠤᠷ ᠠᠷᠠᠴᠢᠯᠠᠵᠤ ᠳᠤᠳᠤᠮᠳᠤᠵᠤ ᠂ ᠬᠤᠴᠠ  ᠶᠢ ᠵᠢᠯ ᠲᠤᠷᠰᠢ ᠡᠷᠡᠭᠦᠯ ᠴᠢᠭᠢᠷᠠᠭ ᠪᠡᠶ᠎ᠡ ᠶᠢᠨ ᠪᠠᠶᠢᠳᠠᠯ ᠲᠠᠢ ᠪᠠᠶᠢᠯᠭᠠᠬᠤ ᠶᠢ ᠪᠠᠲᠤᠯᠠᠵᠤ᠂ ᠰᠢᠯᠢᠳᠡᠭ ᠰᠠᠶᠢᠨ ᠬᠡᠭᠡᠯᠲᠦᠭᠦᠯᠬᠦ ᠴᠢᠳᠠᠪᠤᠷᠢ  ᠲᠠᠢ ᠪᠤᠯᠭᠠᠵᠤ᠂ ᠰᠠᠶᠢᠨ ᠦᠷ᠎ᠡ ᠬᠠᠩᠭᠠᠵᠤ ᠪᠠᠶᠢᠭᠠᠳ ᠬᠤᠴᠠ  ᠶᠢ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃      1.ᠬᠡᠭᠡᠯᠲᠦᠭᠦᠯᠭᠡ ᠶᠢᠨ ᠪᠤᠰᠤ ᠬᠤᠭᠤᠴᠠᠭᠠᠨ ᠳᠠᠬᠢ ᠬᠤᠴᠠ ᠲᠡᠵᠢᠭᠡᠬᠦ ᠄      ᠬᠡᠭᠡᠯᠲᠦᠭᠦᠯᠭᠡ ᠶᠢᠨ ᠪᠤᠰᠤ ᠬᠤᠭᠤᠴᠠᠭᠠᠨ ᠤ ᠬᠤᠴᠠ ᠡᠳᠦᠷ ᠪᠦᠷᠢ ᠨᠠᠷᠢᠯᠢᠭ ᠪᠣᠷᠳᠤᠭ᠎ᠠ ︵ᠡᠷᠳᠡᠨᠢ ᠰᠢᠰᠢ ᠂ ᠬᠡᠪᠡᠭ ᠂ ᠳ᠋ᠧᠦᠪᠢᠩ ᠵᠡᠷᠭᠡ ᠶᠢ ᠰᠣᠩᠭᠤᠵᠤ ᠪᠣᠯᠣᠨ᠎ᠠ ︶ 0.5kg ᠂ ᠬᠠᠭᠤᠷᠠᠢ ᠡᠪᠡᠰᠦ ︵ ᠴᠠᠷᠭᠠᠰᠤ ᠵᠢᠴᠢ ᠪᠤᠰᠤᠳ ᠬᠡᠭᠡᠷ᠎ᠡ ᠶᠢᠨ ᠬᠠᠭᠤᠷᠠᠢ ᠡᠪᠡᠰᠦ ᠵᠡᠷᠭᠡ ᠶᠢ ᠰᠣᠩᠭᠤᠵᠤ ᠪᠣᠯᠣᠨ᠎ᠠ ︶ 3kg ᠂ ᠨᠣᠭᠤᠭᠠᠨ ᠳᠠᠷᠤᠰᠢ ᠶᠢᠨ ᠪᠣᠷᠳᠤᠭ᠎ᠠ ᠪᠤᠶᠤ ᠰᠢᠭᠦᠰᠦᠯᠢᠭ ᠪᠣᠷᠳᠤᠭ᠎ᠠ ︵ ᠬᠤ᠋ ᠯᠤᠤᠪᠠᠩ᠂ ᠨᠣᠭᠤᠭᠠᠨ ᠡᠷᠳᠡᠨᠢ ᠰᠢᠰᠢ ᠂ ᠲᠡᠵᠢᠭᠡᠯ ᠪᠣᠷᠳᠣᠭᠠᠨ ᠤ ᠰᠢᠬᠢᠷ ᠯᠤᠤᠪᠠᠩ ᠵᠡᠷᠭᠡ ︶ 0.7kg ᠂ ᠬᠡᠭᠡᠯᠲᠦᠭᠦᠯᠬᠦ ᠠᠴᠠ ᠡᠮᠦᠨᠡᠬᠢ ᠪᠡᠶ᠎ᠡ ᠶᠢᠨ ᠴᠢᠬᠤᠯᠠ  ᠨᠢ ᠬᠡᠭᠡᠯᠲᠦᠭᠦᠯᠭᠡ ᠶᠢᠨ ᠬᠥᠭᠵᠢᠯᠲᠡᠢ ᠤᠯᠠᠷᠢᠯ ᠤᠨ ᠬᠢ ᠠᠴᠠ 10%~15% ᠬᠦᠨᠳᠦ ᠪᠠᠶᠢᠬᠤ ᠶᠢ ᠪᠠᠲᠤᠯᠠᠨ᠎ᠠ ᠃      2.ᠬᠡᠭᠡᠯᠲᠦᠭᠦᠯᠬᠦ ᠬᠤᠭᠤᠴᠠᠭᠠᠨ ᠳᠠᠬᠢ ᠬᠤᠴᠠ ᠲᠡᠵᠢᠭᠡᠬᠦ ᠄      ᠬᠡᠭᠡᠯᠲᠦᠭᠦᠯᠬᠦ ᠠᠴᠠ ᠡᠮᠦᠨᠡᠬᠢ ᠨᠢᠭᠡ ᠰᠠᠷ᠎ᠠ ᠪᠣᠯ ᠬᠡᠭᠡᠯᠲᠦᠭᠦᠯᠭᠡ ᠶᠢᠨ ᠪᠡᠯᠡᠳᠬᠡᠯ ᠬᠤᠭᠤᠴᠠᠭ᠎ᠠ ᠪᠣᠯᠣᠨ᠎ᠠ ᠂ ᠨᠠᠷᠢᠯᠢᠭ ᠪᠣᠷᠳᠤᠭ᠎ᠠ ᠶᠢᠨ ᠬᠡᠮᠵᠢᠶ᠎ᠡ ᠶᠢ ᠡᠳᠦᠷ ᠠᠴᠠ ᠡᠳᠦᠷ ᠨᠡᠮᠡᠭᠳᠡᠭᠦᠯᠦᠨ ᠂ ᠡᠳᠦᠷ ᠤᠨ ᠲᠡᠵᠢᠭᠡᠯ ᠪᠣᠷᠳᠤᠭ᠎ᠠ ᠶᠢᠨ ᠬᠡᠮᠵᠢᠶ᠎ᠡ ᠶᠢ ᠬᠡᠭᠡᠯᠲᠦᠭᠦᠯᠭᠡ ᠶᠢᠨ ᠬᠤᠭᠤᠴᠠᠭᠠᠨ ᠤ 60%~70% ᠳᠤ ᠬᠦᠷᠭᠡᠬᠦ ᠶᠢᠨ ᠬᠠᠮᠲᠤ ᠬᠡᠭᠡᠯᠲᠦᠭᠦᠯᠭᠡ ᠶᠢᠨ ᠬᠤᠭᠤᠴᠠᠭᠠᠨ ᠤ ᠡᠳᠦᠷ ᠤᠨ ᠠᠮᠤ ᠪᠤᠳᠠᠭᠠᠨ ᠤ ᠬᠡᠮᠵᠢᠶ᠎ᠡ ᠳᠤ ᠬᠦᠷᠲᠡᠯ᠎ᠡ ᠠᠭᠠᠵᠢᠮ ᠢᠶᠠᠷ ᠨᠡᠮᠡᠭᠳᠡᠭᠦᠯᠦᠨ᠎ᠡ ᠃ ᠬᠡᠭᠡᠯᠲᠦᠭᠦᠯᠬᠦ ᠬᠤᠭᠤᠴᠠᠭᠠᠨ ᠤ ᠬᠤᠨᠤᠭ ᠤᠨ ᠲᠡᠵᠢᠭᠡᠯ ᠤᠨ ᠨᠠᠶᠢᠷᠠᠯᠭ᠎ᠠ ᠄ ᠨᠠᠷᠢᠯᠢᠭ ᠪᠣᠷᠳᠤᠭ᠎ᠠ ︵ ᠡᠷᠳᠡᠨᠢ ᠰᠢᠰᠢ ᠂ ᠬᠡᠪᠡᠭ᠂ ᠳ᠋ᠧᠦᠪᠢᠩ ᠵᠡᠷᠭᠡ ᠶᠢ ᠰᠣᠩᠭᠤᠵᠤ ᠪᠣᠯᠣᠨ᠎ᠠ ︶1.2kg ᠂ ᠬᠠᠭᠤᠷᠠᠢ ᠡᠪᠡᠰᠦ︵ᠴᠠᠷᠭᠠᠰᠤ ᠵᠢᠴᠢ ᠪᠤᠰᠤᠳ ᠬᠡᠭᠡᠷ᠎ᠡ ᠶᠢᠨ ᠬᠠᠭᠤᠷᠠᠢ ᠡᠪᠡᠰᠦ ᠵᠡᠷᠭᠡ ᠶᠢ ᠰᠣᠩᠭᠤᠵᠤ ᠪᠣᠯᠣᠨ᠎ᠠ ︶ 2kg ᠂ ᠳᠠᠷᠤᠰᠢᠭᠤᠯᠤᠭᠰᠠᠨ ᠪᠣᠷᠳᠤᠭ᠎ᠠ ᠪᠤᠶᠤ ᠰᠢᠭᠦᠰᠦᠯᠢᠭ ᠪᠣᠷᠳᠤᠭ᠎ᠠ ︵ ᠬᠤ᠋ ᠯᠤᠤᠪᠠᠩ᠂ ᠨᠣᠭᠤᠭᠠᠨ ᠡᠷᠳᠡᠨᠢ ᠰᠢᠰᠢ ᠂ ᠲᠡᠵᠢᠭᠡᠯ ᠪᠣᠷᠳᠣᠭᠠᠨ ᠤ ᠰᠢᠬᠢᠷ ᠯᠤᠤᠪᠠᠩ ᠵᠡᠷᠭᠡ ᠶᠢ ᠰᠣᠩᠭᠤᠵᠤ ᠪᠣᠯᠣᠨ᠎ᠠ ︶ 1kg ᠃ ᠲᠠᠬᠢᠶᠠᠨ ᠥᠨᠳᠡᠭᠡ ᠡᠯᠪᠡᠭ ᠪᠠᠶᠠᠯᠢᠭ ᠤᠭᠤᠷᠠᠭ ᠤᠨ ᠰᠢᠮ᠎ᠡ ᠲᠡᠵᠢᠭᠡᠯ ᠲᠠᠢ᠂ ᠬᠡᠭᠡᠯᠲᠦᠭᠦᠯᠭᠡ ᠶᠢᠨ ᠣᠷᠭᠢᠯ ᠤᠨ ᠦᠶ᠎ᠡ ᠳᠤ ᠬᠠᠮᠤᠭ ᠰᠠᠶᠢᠨ ᠨᠢ ᠡᠳᠦᠷ ᠪᠦᠷᠢ 1~2 ᠲᠠᠬᠢᠶᠠᠨ ᠥᠨᠳᠡᠭᠡ ᠲᠡᠵᠢᠭᠡᠵᠦ᠂ ᠬᠤᠴᠠᠨ ᠤ ᠰᠢᠮ᠎ᠡ ᠲᠡᠵᠢᠭᠡᠯ ᠤᠨ ᠬᠡᠷᠡᠭᠴᠡᠭᠡ ᠶᠢ ᠪᠠᠲᠤᠯᠠᠨ᠎ᠠ᠃ ᠬᠤᠴᠠ ᠬᠦᠳᠡᠷ ᠴᠢᠭᠢᠷᠠᠭ ᠪᠡᠶ᠎ᠡ ᠶᠢᠨ ᠪᠠᠶᠢᠳᠠᠯ ᠲᠠᠢ ᠪᠠᠶᠢᠵᠤ ᠂ ᠡᠳᠦᠷ ᠪᠦᠷᠢ ᠶᠢᠨ ᠬᠥᠳᠡᠯᠭᠡᠭᠡᠨ ᠳᠤᠲᠠᠭᠳᠠᠵᠤ ᠪᠣᠯᠣᠰᠢ ᠦᠭᠡᠢ ᠪᠠᠶᠢᠵᠤ ᠂ ᠶᠡᠷᠦ ᠳᠡᠭᠡᠨ ᠠᠭᠤᠷ ᠠᠮᠢᠰᠬᠤᠯ ᠰᠠᠶᠢᠨ ᠦᠶ᠎ᠡ ᠳᠤ ᠲᠡᠭᠦᠨ ᠢ ᠭᠠᠳᠠᠭᠰᠢ ᠭᠠᠷᠭᠠᠵᠤ 2h ᠣᠷᠴᠢᠮ ᠬᠥᠳᠡᠯᠭᠡᠭᠡᠨ ᠬᠢᠯᠭᠡᠨ᠎ᠡ ᠃ ᠬᠤᠴᠠᠨ ᠤ ᠠᠷᠢᠭᠤᠨ ᠴᠡᠪᠡᠷ ᠢ ᠠᠩᠬᠠᠷᠴᠤ ᠂ ᠡᠳᠦᠷ ᠪᠦᠷᠢ ᠨᠢᠭᠡ ᠤᠳᠠᠭ᠎ᠠ ᠤᠬᠢᠶᠠᠵᠦ ᠴᠡᠪᠡᠷᠯᠡᠵᠦ ᠂ ᠲᠣᠭᠲᠠᠭᠰᠠᠨ ᠬᠤᠭᠤᠴᠠᠭ᠎ᠠ ᠲᠠᠢ ᠪᠠᠷ ᠤᠯᠠᠷᠢᠯ ᠪᠦᠷᠢ ᠳᠤ ᠨᠢᠭᠡ ᠤᠳᠠᠭ᠎ᠠ ᠲᠤᠭᠤᠷᠠᠢ ᠶᠢ ᠨᠢ ᠵᠠᠰᠠᠬᠤ ᠬᠡᠷᠡᠭᠲᠡᠢ ᠃ ᠡᠩ ᠤᠨ ᠪᠠᠶᠢᠳᠠᠯ ᠳᠤ ᠬᠡᠭᠡᠯᠲᠦᠭᠦᠯᠬᠦ ᠦᠶ᠎ᠡ ᠳᠤ ᠬᠤᠴᠠ ᠠᠴᠠ ᠡᠳᠦᠷ ᠪᠦᠷᠢ 1~2 ᠤᠳᠠᠭ᠎ᠠ ᠦᠷ᠎ᠡ ᠠᠪᠴᠤ ᠪᠣᠯᠣᠨ᠎ᠠ ᠂ ᠦᠷᠭᠦᠯᠵᠢᠯᠡᠨ ᠦᠷ᠎ᠡ ᠠᠪᠴᠤ ᠪᠣᠯᠬᠤ ᠦᠭᠡᠢ ᠂ ᠬᠤᠴᠠ ᠬᠡᠲᠦᠷᠬᠡᠢ ᠶᠡᠭᠡ ᠮᠠᠭᠤᠲᠠᠵᠤ᠂ ᠦᠷ᠎ᠡ ᠶᠢᠨ ᠶᠠᠰᠤ ᠴᠢᠨᠠᠷ ᠢ ᠮᠠᠭᠤᠳᠠᠭᠤᠯᠬᠤ ᠠᠴᠠ ᠰᠡᠷᠭᠡᠶᠢᠯᠡᠬᠦ ᠬᠡᠷᠡᠭᠲᠡᠢ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号